ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ 6 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2024-05-20

    
    5 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ᠎ᠤ ᠲᠢᠩᠬᠢᠮ᠎ᠤᠨ ᠬᠠᠷᠢᠭᠤᠴᠠᠯᠭ᠋ᠠᠲᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠠᠷᠭ᠎ᠠ》᠎ᠳᠤ ᠲᠠᠶ᠋ᠢᠯᠤᠮᠵᠢ ᠬᠢᠪᠡ᠃
    2024 ᠣᠨ᠎ᠤ 4 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 265 ᠳ᠋ᠤᠭ᠋ᠠᠷ ᠲᠣᠭ᠋ᠠᠲᠤ ᠵᠠᠷᠯᠢᠭ᠎ᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠵᠦ᠂ 2024 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠠᠵᠢᠯ ᠬᠠᠤᠯᠢᠵᠢᠭᠰᠠᠨ ᠵᠠᠮ᠎ᠳᠤ ᠣᠷᠣᠭᠰᠠᠨ᠎ᠢ ᠬᠠᠷᠠᠭᠤᠯᠵᠤ ᠪᠤᠶ᠃ 《ᠠᠷᠭ᠎ᠠ》᠎ᠨᠢ ᠨᠡᠶ᠋ᠢᠲᠡ 30 ᠵᠦᠢ᠍ᠯ᠎ᠢ ᠪᠠᠭᠲᠠᠭ᠋ᠠᠵᠤ᠂ ᠪᠦᠭᠦ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠢᠶᠠᠷᠤᠯᠲᠠ ᠵᠢ ᠬᠢᠵᠠᠭ᠋ᠠᠷᠯᠠᠵᠤ ᠪᠠᠶ᠋ᠢᠭ᠎ᠠ ᠪᠣᠭᠤᠮᠢ ᠵᠢᠨ ᠠᠰᠠᠭᠤᠳᠠᠯ᠎ᠳᠤ ᠴᠢᠭᠯᠡᠭᠦᠯᠦᠨ᠂ ᠦᠵᠦ ᠲᠥᠯᠥᠪᠯᠡᠭᠡ ᠵᠢᠨ ᠲᠠᠯ᠎ᠠ᠎ᠠᠴᠠ ᠳᠦᠷᠢᠮ ᠲᠣᠭᠲᠠᠭ᠋ᠠᠯ ᠲᠣᠭᠲᠠᠭ᠋ᠠᠵᠤ᠂ ᠬᠠᠷᠢᠭᠤᠴᠠᠯᠭ᠎ᠠ ᠵᠢ ᠨᠠᠷᠢᠯᠢᠭᠵᠢᠭᠤᠯᠤᠨ᠂ ᠪᠦᠭᠦ ᠣᠷᠣᠨ᠎ᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠵᠠᠰᠠᠯᠲᠠ ᠵᠢᠨ ᠬᠢᠷᠢ ᠬᠡᠮᠵᠢᠶ᠎ᠡ ᠵᠢ ᠴᠢᠨᠠᠭᠰᠢᠳᠠ ᠳᠡᠭᠡᠭᠰᠢᠯᠡᠭᠦᠯᠭᠦ᠎ᠳᠤ ᠠᠰᠢᠭᠲᠠᠢ ᠶᠤᠮ᠃ 《ᠠᠷᠭ᠎ᠠ》᠎ᠳᠠᠬᠢ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠭᠡᠳᠡᠭ᠎ᠨᠢ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠰᠠᠭᠤᠷᠢ ᠲᠥᠬᠦᠭᠡᠷᠦᠮᠵᠢ ᠵᠢ ᠵᠢᠭ᠋ᠠᠵᠤ ᠪᠠᠶ᠋ᠢᠳᠠᠭ᠃
    《ᠠᠷᠭ᠎ᠠ》᠎ᠳᠤ ᠭᠤᠣᠯᠳᠠᠭᠤ ᠳᠣᠣᠷᠠᠬᠢ ᠵᠢᠷᠭᠤᠭ᠋ᠠᠨ ᠲᠠᠯ᠎ᠠ ᠵᠢᠨ ᠠᠭᠤᠯᠭ᠎ᠠ ᠵᠢ ᠲᠣᠳᠣᠷᠬᠠᠶ᠋ᠢᠯᠠᠪᠠ᠃ ᠠᠵᠢᠯ᠎ᠤᠨ ᠬᠤᠪᠢᠶᠠᠷᠢᠯᠠᠯ᠎ᠢ ᠨᠠᠷᠢᠯᠢᠭᠵᠢᠭᠤᠯᠬᠤ ᠲᠠᠯ᠎ᠠ᠎ᠪᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ ᠪᠠ ᠤᠰᠤ ᠴᠠᠭᠢᠯᠭ᠋ᠠᠨ ᠬᠠᠩᠭ᠋ᠠᠬᠤ ᠵᠡᠷᠭᠡ ᠨᠡᠶ᠋ᠢᠲᠡ ᠵᠢᠨ ᠬᠡᠷᠡᠭᠯᠡᠭᠡᠨ᠎ᠤ ᠠᠵᠤ ᠠᠬᠤᠶ᠋ᠢᠯᠠᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠪᠠ; ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢ ᠨᠡᠮᠡᠵᠦ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠢᠵᠢ ᠪᠦᠷᠢᠳᠦᠭᠦᠯᠬᠦ ᠵᠡᠷᠭᠡ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠪᠠ; ᠬᠠᠮᠠᠭ᠋ᠠᠯᠠᠵᠤ ᠬᠠᠮᠢᠶᠠᠷᠬᠤ ᠲᠠᠯ᠎ᠠ᠎ᠪᠠᠷ᠂ ᠶᠠᠮᠠᠷᠪᠠ ᠨᠢᠭᠡᠴᠢ ᠪᠠ ᠬᠤᠪᠢ ᠬᠥᠮᠥᠨ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠥᠬᠦᠭᠡᠷᠦᠮᠵᠢ ᠵᠢ ᠡᠪᠳᠡᠵᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ᠎ᠪᠠᠷ ᠵᠶ᠋ᠠᠨ ᠨᠤᠷᠠᠭ᠋ᠠᠬᠤ᠂ ᠬᠡᠷᠡᠭᠯᠡᠬᠦ ᠵᠢ᠎ᠨᠢ ᠵᠣᠭᠰᠣᠭ᠋ᠠᠵᠤ ᠪᠤᠯᠬᠤ ᠦᠭᠡᠢ ᠭᠡᠬᠦ ᠵᠡᠷᠭᠡ᠎ᠳᠤ ᠪᠣᠳᠠᠲᠠᠢ ᠱᠠᠭ᠋ᠠᠷᠳᠠᠯᠭ᠎ᠠ ᠳᠤᠷᠠᠳᠴᠠᠶ; ᠭᠠᠯ ᠰᠡᠷᠭᠡᠶ᠋ᠢᠯᠡᠵᠦ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠢ ᠪᠠᠲᠤᠯᠠᠬᠤ ᠲᠠᠯ᠎ᠠ᠎ᠪᠠᠷ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠵᠢᠯᠤᠭᠤᠳᠬᠤ ᠲᠥᠪ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠎ᠯᠦᠭᠡ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠣᠬᠢᠷᠠᠭᠤᠯᠤᠨ ᠵᠢᠯᠤᠭᠤᠳᠬᠤ ᠲᠤᠰᠬᠠᠢ ᠤᠲᠠᠰᠤ ᠲᠣᠬᠢᠷᠠᠭᠤᠯᠵᠤ᠂ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠵᠣᠯᠭ᠋ᠠᠭᠤᠯᠬᠤ ᠭᠡᠷᠡᠭᠲᠡᠢ; ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ᠎ᠢ ᠬᠠᠮᠠᠭ᠋ᠠᠯᠠᠨ ᠬᠠᠮᠢᠶᠠᠷᠬᠤ ᠲᠠᠯ᠎ᠠ᠎ᠪᠠᠷ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠵᠢ ᠦᠨᠡᠨ ᠬᠦ᠌ ᠪᠠᠲᠤᠯᠠᠵᠤ᠂ ᠬᠤᠲᠠ ᠵᠢᠨ ᠵᠠᠮ᠎ᠨᠢ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ; ᠭᠠᠯ ᠤᠨᠲᠠᠷᠠᠭ᠋ᠠᠬᠤ᠎ᠳᠤ ᠬᠡᠷᠡᠭᠯᠡᠬᠦ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠲᠠᠯ᠎ᠠ᠎ᠪᠠᠷ᠂ ᠤᠰᠤ ᠬᠠᠩᠭ᠋ᠠᠬᠤ ᠨᠢᠭᠡᠴᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠯᠲᠠ ᠬᠢᠵᠦ᠂ ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠳᠤ ᠭᠠᠯ ᠤᠨᠲᠠᠷᠠᠭ᠋ᠠᠬᠤ ᠤᠰᠤᠨ᠎ᠤ ᠰᠤᠷᠪᠤᠯᠵᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠬᠠᠤᠯᠢ ᠵᠢ ᠵᠥᠷᠢᠴᠡᠨ ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠠᠭ᠋ᠠᠯᠪᠤᠷᠢᠯᠠᠭᠰᠠᠨ ᠦᠢ᠍ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ ᠤᠮᠠᠷᠠᠲᠤ ᠵᠢᠨ ᠠᠮᠢ ᠠᠬᠤᠢ ᠵᠢᠨ ᠬᠠᠯᠬᠠᠪᠴᠢ ᠵᠢ ᠪᠠᠲᠤ ᠴᠤᠭᠴᠠᠯᠠᠵᠤ ᠪᠤᠢ
ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 《ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠦᠵᠡᠵᠦ᠂ ᠠᠷᠢᠭᠤᠨ ᠴᠢᠬᠡᠴᠢ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ》 ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠣᠢ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
ᠦᠷ᠎ᠡ ᠴᠢᠬᠢ ᠵᠢᠨ ᠶᠡᠷᠦᠩᠬᠡᠶ ᠥᠷᠲᠡᠭᠡ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢ ᠲᠥᠯᠥᠭᠡᠯᠡᠨ ᠱᠠᠨᠰᠢ ᠮᠤᠵᠢ᠎ᠳᠤ ᠬᠦᠷᠴᠦ ᠴᠢᠬᠢ ᠮᠣᠳᠣᠨ᠎ᠤ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ ᠥᠷᠨᠢᠭᠦᠯᠪᠡ
 
             蒙ICP备05000248号