ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-05-27

 
     ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠵᠢᠨ ᠲᠥᠯᠥᠭᠡ᠂ 5 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ ᠵᠢᠨ ᠨᠠᠮ᠎ᠤᠨ ᠡᠭᠦᠷ ᠪᠥᠬᠥ ᠥᠷᠲᠡᠭᠡ ᠵᠢᠨ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠬᠦᠷᠴᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠢ ᠲᠣᠭᠣᠷᠢᠨ ᠦᠵᠡᠵᠦ᠂ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
     ᠦᠵᠡᠰᠭᠦᠯᠡᠩ᠎ᠤᠨ ᠣᠷᠳᠣᠨ᠎ᠤ ᠶᠡᠬᠡ ᠲᠢᠩᠬᠢᠮ᠎ᠳᠤ ᠭᠤᠴᠤ ᠰᠠᠢ᠌ᠬᠠᠨ ᠤᠷᠠᠨ ᠵᠢᠷᠤᠭ᠂ ᠤᠷᠠᠨ ᠪᠢᠴᠢᠯᠭᠡ ᠵᠢᠨ ᠪᠦᠲᠦᠭᠡᠭᠳᠡᠬᠦᠨ ᠮᠠᠰᠢ ᠤᠯᠠᠨ ᠬᠠᠷᠠᠭᠳᠠᠨ᠎ᠠ᠃ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ》 ᠵᠢᠷᠤᠭ᠎ᠲᠤ ᠦᠨᠳᠦᠰᠦᠲᠡᠨ᠎ᠤ ᠶᠡᠬᠡ ᠬᠠᠶ᠋ᠢᠷ᠎ᠠ ᠵᠢ ᠬᠠᠷᠠᠭᠤᠯᠵᠤ ᠪᠣᠶ᠂ 《ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢ ᠪᠠᠶ᠋ᠢᠭᠤᠯᠬᠤ》᠎ᠨᠢ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠵᠢ ᠬᠠᠷᠠᠭᠤᠯᠵᠤ ᠪᠠᠶ᠋ᠢᠳᠠᠭ᠂ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ- ᠡᠭᠡᠴᠢ ᠥᠬᠢᠨ ᠳᠡᠭᠦᠦ》 ᠨᠡᠶ᠋ᠢᠲᠡᠴᠢ ᠦᠵᠡᠯ᠎ᠤᠨ ᠬᠡᠷᠡᠯ ᠭᠢᠯᠪᠠᠭ᠎ᠠ ᠵᠢ ᠬᠠᠷᠠᠭᠤᠯᠤᠭᠰᠠᠨ ᠪᠠᠢ᠌ᠨ᠎ᠠ᠃ 195 ᠤᠷᠠᠨ ᠪᠢᠴᠢᠯᠭᠡ ᠤᠷᠠᠨ ᠵᠢᠷᠤᠭ᠎ᠤᠨ ᠪᠦᠲᠦᠭᠡᠯ᠎ᠨᠢ ᠤᠷᠠᠯᠢᠭ᠎ᠤᠨ ᠬᠡᠯᠪᠡᠷᠢ᠎ᠪᠠᠷ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠳᠣ ᠬᠤᠭᠤᠴᠠᠭ᠋ᠠᠨ᠎ᠤ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠᠬᠢ ᠥᠷᠭᠡᠨ ᠳᠡᠯᠭᠡᠷ ᠬᠠᠷᠢᠯᠴᠠᠭ᠎ᠠ ᠪᠣᠯᠤᠨ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠪᠢᠴᠢᠭᠯᠡᠨ ᠵᠢᠷᠤᠭᠯᠠᠵᠠᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠦᠬᠦ ᠲᠠᠯ᠎ᠠ᠎ᠪᠠᠷ ᠭᠦᠨᠵᠡᠭᠡᠶ ᠲᠤᠭᠤᠰᠢᠯᠠᠭᠤᠯᠤᠨ ᠪᠡᠬᠢᠵᠢᠭᠦᠯᠬᠦ ᠠᠵᠢᠯ᠎ᠤᠨ ᠭᠤᠤᠯ ᠰᠢᠵᠢᠮ᠎ᠳᠤ ᠢᠳᠡᠪᠬᠢᠲᠡᠶ ᠠᠬᠢᠭᠤᠯᠬᠤ  ᠦᠢ᠍ᠯᠡᠳᠦᠯ᠎ᠲᠠᠢ᠃ 
    ᠲᠣᠰ ᠤᠳᠠᠭ᠋ᠠᠨ᠎ᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠡᠮᠵᠢᠨ᠂ ᠪᠥᠬᠥ ᠥᠷᠲᠡᠭᠡᠨ᠎ᠤ ᠨᠠᠮ᠎ᠤᠨ ᠭᠡᠰᠢᠭᠦᠨ᠂ ᠺᠠᠳ᠋ᠷᠴᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠭᠤᠯᠤᠭᠳᠠᠬᠤᠨ ᠪᠠ ᠱᠠᠭ᠋ᠠᠷᠳᠠᠯᠭ᠎ᠠ ᠵᠢ ᠨᠠᠩ ᠲᠣᠳᠣᠷᠬᠠᠶ ᠤᠶ᠋ᠢᠯᠠᠭ᠋ᠠᠨ ᠡᠵᠡᠮᠰᠢᠵᠦ᠂ 《ᠭᠤᠷᠪᠠᠨ ᠰᠠᠯᠵᠤ ᠪᠤᠯᠤᠰᠢ ᠥᠬᠡᠶ》᠂ 《ᠳᠥᠷᠪᠡ ᠵᠢ ᠬᠠᠮᠲᠤ᠎ᠪᠠᠷ ᠡᠳ᠋ᠯᠡᠬᠦ》᠂ 《ᠲᠠᠪᠤᠨ ᠬᠠᠮᠲᠤ ᠵᠢᠨ ᠲᠠᠨᠢᠯᠲᠠ》 ᠵᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠠᠶ᠃
    ᠤᠯᠠᠨ ᠵᠶ᠋ᠠᠷ ᠵᠶ᠋ᠠᠨ᠂ ᠴᠠᠭ ᠢᠮᠠᠭᠲᠠ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠭᠣᠣᠯ ᠰᠢᠵᠢᠮ᠎ᠢ ᠪᠠᠲᠤ ᠴᠣᠭᠴᠠᠯᠠᠬᠤ ᠵᠢ ᠪᠦᠬᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠮᠠᠯᠴᠢᠨ ᠲᠠᠷᠢᠶᠠᠴᠢᠨ᠎ᠤ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠢᠲᠡᠭᠡᠯ ᠵᠣᠷᠢᠭ᠎ᠢ ᠨᠡᠩ ᠪᠠᠲᠤᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠪᠦᠬᠦ ᠲᠠᠯ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠤᠢ ᠰᠢᠭᠤᠢ ᠨᠤᠲᠤᠭ ᠪᠡᠯᠴᠢᠭᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ!

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 《ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠦᠵᠡᠵᠦ᠂ ᠠᠷᠢᠭᠤᠨ ᠴᠢᠬᠡᠴᠢ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ》 ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠣᠢ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
ᠦᠷ᠎ᠡ ᠴᠢᠬᠢ ᠵᠢᠨ ᠶᠡᠷᠦᠩᠬᠡᠶ ᠥᠷᠲᠡᠭᠡ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢ ᠲᠥᠯᠥᠭᠡᠯᠡᠨ ᠱᠠᠨᠰᠢ ᠮᠤᠵᠢ᠎ᠳᠤ ᠬᠦᠷᠴᠦ ᠴᠢᠬᠢ ᠮᠣᠳᠣᠨ᠎ᠤ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ ᠥᠷᠨᠢᠭᠦᠯᠪᠡ
ᠡᠯᠡᠰᠦ ᠵᠢ ᠰᠡᠷᠭᠡᠶ᠋ᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ ᠵᠢᠨ ᠠᠩᠬ᠎ᠠ ᠤᠳᠠᠭ᠋ᠠᠨ᠎ᠤ ᠮᠠᠰᠢᠨᠴᠢᠯᠠᠭᠰᠠᠨ ᠠᠵᠢᠯᠯᠠᠭ᠎ᠠ ᠵᠢᠴᠢ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ 《ᠰᠢᠷᠭᠤᠯᠵᠢ ᠵᠢᠨ ᠣᠶ》 ᠵᠢᠨ ᠰᠢᠨᠵᠢᠯᠡᠭᠡ ᠮᠡᠷᠭᠡᠵᠢᠯ ᠵᠶ᠋ᠠᠷ ᠨᠤᠭᠤᠭ᠋ᠠᠷᠠᠭᠤᠯᠤᠯᠳᠠ ᠵᠢ ᠥᠷᠭᠡᠳᠬᠡᠬᠦ ᠠᠵᠢᠯᠯᠠᠭ᠎ᠠ ᠰᠢᠯᠤᠭᠤᠨ ᠬᠥᠬᠡ ᠬᠣᠰᠢᠭᠤᠨ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠠᠮ ᠱᠤᠭᠤᠮ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
 
             蒙ICP备05000248号