ᠴᠢᠬᠡᠴᠢ ᠪᠣᠯ ᠵᠠᠰᠠᠭ ᠪᠠᠷᠢᠬᠤ ᠵᠢᠨ ᠦᠨᠳᠦᠰᠦ ᠪᠤᠯᠠᠢ᠃ ᠠᠷᠢᠭᠤᠨ ᠴᠢᠬᠡᠴᠢ᠎ᠪᠠᠷ ᠵᠠᠰᠠᠭ ᠪᠠᠷᠢᠵᠤ᠂ ᠡᠷᠬᠡ᠎ᠪᠠᠨ ᠭᠣᠣᠯᠴᠢ᠎ᠪᠠᠷ ᠬᠡᠷᠡᠭᠯᠡᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠮᠥᠨ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠵᠤ᠂ ᠨᠠᠮ᠎ᠤᠨ ᠭᠡᠰᠢᠭᠦᠨ ᠺᠠᠳ᠋ᠷ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠤᠬᠠᠮᠰᠠᠷ᠎ᠢ ᠦᠷᠭᠦᠯᠵᠢᠯᠡᠨ ᠪᠡᠬᠢᠵᠢᠭᠦᠯᠵᠦ᠂ ᠢᠯᠵᠢᠷᠡᠯ᠎ᠢ ᠡᠰᠡᠷᠭᠦᠴᠡᠵᠦ ᠦᠵᠡᠯ ᠰᠠᠨᠠᠭ᠋ᠠᠨ᠎ᠤ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ 2024 ᠣᠨ᠎ᠤ 5 ᠰᠠᠷ᠎ᠠ ᠵᠢᠨ 22᠎ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠢ ᠦᠷᠳᠡᠭᠡ᠎ᠠᠴᠠ ᠪᠦᠬᠦ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ 《ᠦᠷᠭᠦᠯᠵᠢᠯᠡᠨ ᠬᠦᠴᠦᠯᠡᠵᠦ ᠭᠦᠨᠵᠡᠭᠡᠶ᠋ᠢᠷᠡᠨ ᠠᠬᠢᠭᠤᠯᠰᠤᠭ᠋ᠠᠢ》 ᠭᠡᠬᠦ ᠲᠤᠰᠬᠠᠢ ᠰᠡᠳᠦᠪᠲᠦ ᠹᠢᠯᠢᠮ᠎ᠤᠨ 3 ᠳ᠋ᠤᠭ᠋ᠠᠷ ᠪᠦᠯᠦᠭ 《ᠰᠤᠷᠲᠠᠯ᠎ᠢ ᠴᠡᠭᠴᠡᠯᠡᠵᠦ ᠰᠠᠬᠢᠯᠭ᠎ᠠ ᠪᠠᠲᠤ ᠵᠢ ᠴᠢᠩᠳᠠᠯᠠᠬᠤ ᠵᠢ ᠴᠢᠩᠭ᠋ᠠᠳᠬᠠᠶ᠎ᠠ》 ᠵᠢ ᠰᠣᠨᠢᠷᠬᠠᠭᠤᠯᠪᠠ᠃
ᠲᠤᠰᠬᠠᠶ ᠰᠡᠳᠦᠪᠲᠦ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠨᠢ ᠬᠡᠷᠡᠭ ᠵᠶ᠋ᠠᠷ ᠰᠠᠬᠢᠯᠭ᠎ᠠ ᠪᠠᠲᠤ ᠵᠢ ᠲᠠᠶ᠋ᠢᠯᠪᠤᠷᠢᠯᠠᠵᠤ᠂ ᠪᠥᠬᠥ ᠨᠠᠮ᠎ᠤᠨ ᠭᠡᠰᠢᠭᠦᠨ ᠺᠠᠳ᠋ᠷᠴᠤᠳ᠎ᠲᠤ ᠠᠮᠢᠳᠤᠯᠢᠭ ᠬᠥᠮᠦᠵᠢᠯ ᠬᠦᠷᠲᠡᠭᠡᠪᠡ᠃ ᠤᠯᠠᠨ ᠵᠶ᠋ᠠᠷ ᠵᠶ᠋ᠠᠨ᠂ ᠰᠠᠬᠢᠯᠭ᠎ᠠ ᠪᠠᠲᠤ᠎ᠪᠠᠷ ᠲᠤᠯᠢ ᠪᠣᠯᠭ᠋ᠠᠵᠤ᠂ ᠬᠡᠷᠡᠭ ᠵᠶ᠋ᠠᠷ ᠲᠤᠯᠢ ᠪᠣᠯᠭ᠋ᠠᠵᠤ᠂ ᠴᠠᠭ ᠢᠮᠠᠭᠲᠠ ᠰᠡᠷᠡᠮᠵᠢ ᠵᠢᠨ ᠲᠤᠬᠢᠶ᠎ᠠ ᠥᠭᠴᠦ᠂ ᠶᠠᠪᠤᠳᠠᠯ ᠪᠣᠯᠭ᠋ᠠᠨ᠎ᠳᠤ ᠶᠣᠰᠣ ᠲᠦᠷᠢᠮ᠎ᠢ ᠴᠢᠬᠤᠯᠠᠴᠢᠯᠠᠵᠤ᠂ ᠰᠠᠬᠢᠯᠭ᠎ᠠ ᠪᠠᠲᠤ ᠶᠣᠰᠣ ᠲᠦᠷᠢᠮ᠎ᠢ ᠠᠵᠢᠯ᠂ ᠠᠮᠢᠳᠤᠷᠠᠯ᠎ᠤᠨ ᠡᠯ᠎ᠡ ᠲᠠᠯ᠎ᠠ᠎ᠳᠤ ᠠᠭᠤᠰᠤᠯᠴᠠᠭᠤᠯᠬᠤ ᠬᠡᠷᠡᠭᠲᠡᠢ᠃ ᠬᠣᠷᠢᠭ᠎ᠠ ᠱᠤᠭᠤᠮ᠎ᠢ ᠪᠠᠲᠤ ᠰᠠᠬᠢᠵᠤ᠂ ᠢᠮᠠᠭᠲᠠ ᠲᠥᠪ ᠭᠣᠣᠯᠴᠢ ᠠᠷᠢᠭᠤᠨ ᠴᠢᠬᠡᠴᠢ ᠪᠠᠶ᠋ᠢᠵᠤ᠂ ᠰᠠᠬᠢᠯᠭ᠎ᠠ ᠪᠠᠲᠤ ᠵᠢ ᠰᠤᠷᠤᠯᠴᠠᠨ ᠤᠢ᠌ᠯᠠᠭ᠋ᠠᠵᠤ᠂ ᠰᠠᠬᠢᠯᠭ᠎ᠠ ᠪᠠᠲᠤ ᠵᠢ ᠰᠠᠬᠢᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃