ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠲᠦᠷᠭᠡᠳᠬᠡᠨ ᠠᠬᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠠᠵᠢᠯ᠎ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ 5 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠣᠶ ᠰᠢᠭᠤᠶ ᠨᠤᠲᠤᠭ ᠪᠡᠯᠴᠢᠭᠡᠷ ᠪᠠ ᠪᠠᠶ᠋ᠢᠭ᠋ᠠᠯᠢ ᠵᠢᠨ ᠡᠬᠢ ᠪᠠᠶᠠᠯᠢᠭ ᠬᠣᠶᠠᠷ ᠰᠠᠯᠠᠭ᠎ᠠ ᠮᠥᠴᠢᠷ ᠬᠠᠮᠵᠢᠯᠴᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠬᠦ ᠡᠮᠦᠨᠡᠬᠢ ᠬᠤᠭᠤᠴᠠᠭ᠋ᠠᠨ᠎ᠤ ᠵᠣᠯᠭ᠋ᠠᠯᠴᠠᠭ᠎ᠠ ᠬᠢᠵᠦ᠂ ᠠᠵᠢᠯ᠎ᠤᠨ ᠲᠥᠰᠦᠯ ᠪᠠ ᠮᠡᠷᠭᠡᠵᠢᠯ᠎ᠤᠨ ᠵᠢᠷᠤᠮ᠎ᠢ ᠰᠤᠳᠤᠯᠤᠨ ᠶᠠᠷᠢᠯᠴᠠᠵᠤ᠂ ᠢᠯᠡᠳᠲᠡ ᠦᠷ᠎ᠡ ᠪᠦᠲᠦᠮᠵᠢ ᠤᠯᠪᠠ᠃
ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠲᠥᠰᠦᠯ (ᠰᠠᠨᠠᠯ ᠬᠤᠷᠢᠶᠠᠬᠤ ᠨᠤᠤᠷᠠᠭ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠲᠥᠰᠦᠯ (ᠰᠠᠨᠠᠯ ᠬᠤᠷᠢᠶᠠᠬᠤ ᠨᠤᠤᠷᠠᠭ)》᠂ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠵᠢᠴᠢ ᠠᠵᠢᠯ᠎ᠤᠨ ᠲᠤᠰᠬᠠᠶ ᠠᠩᠭᠢ ᠵᠡᠷᠭᠡ ᠵᠢᠨ ᠲᠤᠬᠠᠶ ᠰᠤᠳᠤᠯᠵᠤ᠂ ᠣᠳᠣᠬᠠᠨ᠎ᠤ ᠠᠵᠢᠯ ᠥᠷᠨᠢᠭᠦᠯᠬᠦ᠎ᠳᠤ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠵᠥᠪᠳᠡᠯᠴᠡᠨ ᠰᠢᠢ᠍ᠳᠪᠦᠷᠢᠯᠡᠬᠦ ᠲᠥᠰᠦᠯ᠂ ᠣᠶ ᠰᠢᠭᠤᠶ ᠨᠤᠲᠤᠭ ᠪᠡᠯᠴᠢᠭᠡᠷ ᠪᠠ ᠪᠠᠶ᠋ᠢᠭ᠋ᠠᠯᠢ ᠵᠢᠨ ᠡᠬᠢ ᠪᠠᠶᠠᠯᠢᠭ ᠬᠣᠶᠠᠷ ᠰᠠᠯᠠᠭ᠎ᠠ ᠮᠥᠴᠢᠷ᠎ᠤᠨ ᠬᠠᠮᠲᠤ ᠵᠢᠨ ᠬᠢᠨᠠᠨ ᠬᠠᠷᠭᠤᠭᠤᠯᠵᠤ ᠲᠣᠭᠲᠠᠭ᠋ᠠᠭᠰᠠᠨ ᠨᠢᠭᠡᠳᠦᠯ ᠥᠬᠡᠶ ᠵᠢᠷᠤᠭ ᠪᠠ ᠲᠣᠯᠪᠣ ᠵᠢᠨ ᠠᠵᠢᠯ᠎ᠤᠨ ᠴᠤᠪᠤᠷᠠᠯ᠂ ᠵᠣᠬᠢᠴᠠᠭᠤᠯᠬᠤ ᠲᠣᠭᠲᠠᠴᠠ ᠵᠡᠷᠭᠡ ᠵᠢ ᠵᠥᠪᠳᠡᠯᠴᠡᠵᠦ᠂ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠦᠨᠳᠦᠰᠦᠨ ᠵᠠᠭᠪᠤᠷ᠂ ᠴᠢᠬᠤᠯᠠ ᠭᠣᠭᠴᠣᠭ᠎ᠠ ᠪᠠ ᠠᠷᠭ᠎ᠠ ᠬᠡᠮᠵᠢᠶ᠎ᠡ ᠠᠯᠬᠤᠮ ᠳᠠᠷᠠᠭ᠎ᠠ ᠵᠢ ᠠᠩᠬ᠎ᠠ ᠠᠯᠬᠤᠮ ᠲᠣᠭᠲᠠᠭ᠋ᠠᠪᠠ᠃
ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠨᠢ ᠲᠤᠷᠰᠢᠯᠲᠠ ᠵᠢᠨ ᠬᠣᠰᠢᠭᠤ ᠰᠢᠶᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠳᠤᠭᠤᠶ᠋ᠢᠯᠠᠩ ᠬᠤᠪᠢᠶᠠᠨ ᠬᠡᠰᠡᠭ ᠳᠠᠭ᠋ᠠᠭ᠋ᠠᠴᠢᠯᠠᠬᠤ ᠮᠡᠷᠭᠡᠵᠢᠯ᠎ᠤᠨ ᠪᠣᠯᠪᠠᠰᠤᠷᠠᠭᠤᠯᠤᠯ ᠵᠢᠯᠣᠭᠣᠳᠣᠯᠭ᠎ᠠ ᠵᠢ ᠴᠢᠩᠭ᠋ᠠᠳᠬᠠᠨ᠂ ᠬᠥᠮᠦᠨ᠎ᠤ ᠬᠦᠴᠦᠨ ᠡᠳ᠋᠎ᠤᠨ ᠬᠦᠴᠦᠨ ᠪᠣᠳᠠᠰ᠎ᠤᠨ ᠬᠦᠴᠦᠨ᠎ᠤ ᠣᠷᠣᠭᠤᠯᠤᠯᠲᠠ ᠵᠢ ᠨᠡᠮᠡᠭᠳᠡᠭᠦᠯᠵᠦ᠂ ᠣᠶ ᠰᠢᠭᠤᠶ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠬᠠᠮᠲᠤ᠎ᠪᠠᠷ ᠪᠦᠷᠢᠯᠳᠦᠭᠰᠡᠨ ᠭᠠᠳᠠᠷ ᠠᠵᠢᠯ᠎ᠤᠨ ᠪᠠᠶ᠋ᠢᠴᠠᠭ᠋ᠠᠯᠲᠠ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ ᠬᠠᠮᠲᠤᠷᠠᠨ ᠭᠠᠳᠠᠷ ᠠᠵᠢᠯ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠥᠯᠢᠭᠡᠷ ᠠᠪᠴᠤ ᠪᠠᠶ᠋ᠢᠴᠠᠭ᠋ᠠᠨ ᠬᠢᠨᠠᠨ ᠰᠢᠨᠵᠢᠬᠦ ᠵᠢ ᠲᠦᠷᠭᠡᠳᠬᠡᠨ ᠠᠬᠢᠭᠤᠯᠵᠤ᠂ ᠨᠢᠭᠡᠳᠦᠯ ᠥᠬᠡᠶ ᠵᠢᠷᠤᠭ ᠪᠠ ᠲᠣᠯᠪᠣ ᠵᠢ ᠰᠢᠢ᠍ᠳᠪᠦᠷᠢᠯᠡᠬᠦ᠎ᠪᠠᠷ ᠠᠵᠢᠯ᠎ᠤᠨ ᠭᠤᠤᠯᠳᠠᠯᠭ᠎ᠠ ᠪᠣᠯᠭ᠋ᠠᠨ᠂ 7 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠤᠷᠰᠢᠯᠲᠠ ᠵᠢᠨ ᠡᠭᠦᠷᠭᠡ ᠵᠢ ᠪᠦᠬᠦᠨ᠎ᠢ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠲᠠᠷᠠᠭ᠋ᠠᠴᠢ ᠵᠢᠨ ᠠᠯᠬᠤᠮ᠎ᠳᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠬᠦ᠎ᠳᠤ ᠲᠣᠯᠢ ᠪᠣᠯᠭ᠋ᠠᠵᠤ ᠪᠣᠯᠬᠤ᠂ ᠵᠢᠱ᠌ᠢᠶᠡᠴᠢ ᠪᠤᠯᠠᠬᠤᠢ᠌ᠴᠠ᠂ ᠳᠡᠯᠭᠡᠷᠡᠬᠦᠯᠵᠦ ᠪᠤᠯᠠᠬᠤᠢ᠌ᠴᠠ ᠠᠵᠢᠯ᠎ᠤᠨ ᠰᠡᠳᠬᠢᠮᠵᠢ ᠪᠠ ᠲᠤᠷᠰᠢᠯᠭ᠎ᠠ ᠬᠠᠩᠭ᠋ᠠᠨ᠎ᠠ᠃