《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠦᠷ᠎ᠡ ᠴᠢᠬᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠬᠡᠷ᠎ᠤᠨ 《2024 ᠣᠨ᠎ᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ 5 ᠰᠠᠷ᠎ᠠ ᠵᠢᠨ 13᠎ᠤ ᠡᠳᠦᠷ᠎ᠠᠴᠠ 23᠎ᠤ ᠡᠳᠦᠷ ᠪᠣᠯᠲᠠᠯ᠎ᠠ᠂ ᠦᠷ᠎ᠡ ᠴᠢᠬᠢ ᠵᠢᠨ ᠶᠡᠷᠦᠩᠬᠡᠶ ᠥᠷᠲᠡᠭᠡ᠎ᠨᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠥᠬᠡᠬᠣᠲᠠ ᠵᠢᠨ ᠣᠶ ᠮᠣᠳᠣᠨ᠎ᠤ ᠦᠷ᠎ᠡ ᠴᠢᠬᠢ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠬᠡᠮᠵᠢᠬᠦ ᠲᠥᠪ᠎ᠤᠨ ᠨᠡᠷ᠎ᠡ᠎ᠪᠠᠷ ᠱᠠᠨᠰᠢ ᠮᠤᠵᠢ ᠵᠢᠨ ᠬᠠᠪᠤᠷ᠎ᠤᠨ ᠤᠯᠠᠷᠢᠯ᠎ᠤᠨ ᠤᠢ᠌ᠵᠢᠭᠤᠯᠤᠯᠳᠠ ᠵᠢᠨ ᠴᠢᠬᠢ ᠮᠣᠳᠣᠨ᠎ᠤ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠪᠠ᠃
ᠲᠣᠰ ᠤᠳᠠᠭ᠋ᠠᠨ᠎ᠤ ᠰᠤᠭᠤᠴᠢᠨ ᠪᠠᠶ᠋ᠢᠴᠠᠭ᠋ᠠᠯᠲᠠ᠎ᠳᠤ ᠶᠠᠨ ᠵᠢᠶᠧ ᠥᠷᠲᠡᠭᠡᠨ ᠳᠠᠷᠤᠭ᠎ᠠ ᠬᠤᠰᠢᠭᠤᠴᠢᠯᠠᠨ᠂ ᠠᠮᠢ ᠠᠬᠤᠶ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠡᠷᠭᠡ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠤᠢ᠌ᠵᠢᠭᠤᠯᠤᠯᠳᠠ ᠵᠢᠨ ᠴᠢᠬᠢ ᠮᠣᠳᠣ ᠵᠢ ᠰᠤᠭᠤᠴᠢᠨ ᠪᠠᠶ᠋ᠢᠴᠠᠭ᠋ᠠᠵᠤ᠂ ᠨᠡᠶ᠋ᠢᠲᠡ 21 ᠪᠦᠯᠦᠭ ᠴᠢᠬᠢ ᠮᠤᠳᠤ᠎ᠶᠢ ᠰᠤᠭᠤᠴᠢᠨ ᠪᠠᠶ᠋ᠢᠴᠠᠭ᠋ᠠᠵᠤ᠂ ᠢᠦᠶ ᠯᠢᠨ ᠬᠣᠲᠠ ᠪᠣᠯᠤᠨ ᠶᠠᠨ ᠠᠨ ᠬᠣᠲᠠ ᠵᠢᠨ 5 ᠰᠢᠶᠠᠨ ᠲᠣᠭᠣᠷᠢᠭ᠎ᠤᠨ 15 ᠬᠡᠰᠡᠭ ᠣᠶ᠋ᠢᠵᠢᠭᠤᠯᠬᠤ ᠭᠠᠵᠠᠷ ᠪᠠᠭᠲᠠᠭᠰᠠᠨ ᠪᠠᠢ᠌ᠨ᠎ᠠ᠃ ᠰᠤᠭᠤᠴᠢᠨ ᠪᠠᠢ᠌ᠴᠠᠭ᠋ᠠᠯᠳᠠ᠎ᠳᠤ ᠲᠤᠬᠠᠶ ᠵᠢᠨ ᠲᠠᠯᠠᠪᠤᠷ᠎ᠲᠤ ᠰᠤᠭᠤᠴᠢᠨ ᠪᠠᠶ᠋ᠢᠴᠠᠭ᠋ᠠᠬᠤ ᠪᠠ ᠲᠠᠩᠰᠠ ᠡᠪᠬᠡᠮᠡᠯ᠎ᠢ ᠪᠠᠶ᠋ᠢᠴᠠᠭ᠋ᠠᠨ ᠰᠢᠯᠭ᠋ᠠᠬᠤ ᠬᠣᠶᠠᠷ ᠬᠡᠰᠡᠭ᠎ᠢ ᠪᠠᠭᠲᠠᠭ᠋ᠠᠪᠠ᠃ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠤᠢ᠌ᠵᠢᠭᠤᠯᠤᠯᠳᠠ ᠵᠢᠨ ᠴᠢᠬᠢ ᠮᠣᠳᠣᠨ᠎ᠤ ᠶᠠᠰᠤ ᠴᠢᠨᠠᠷ᠎ᠨᠢ ᠴᠥᠮ ᠬᠢᠷᠢ ᠲᠡᠩᠴᠡᠭᠰᠡᠨ ᠪᠥᠭᠡᠳ ᠠᠵᠢᠯ᠎ᠤᠨ ᠲᠥᠯᠥᠪᠯᠡᠭᠡ ᠵᠢᠨ ᠱᠠᠭ᠋ᠠᠷᠳᠠᠯᠭ᠎ᠠ᠎ᠳᠤ ᠭᠦᠷᠦᠭᠰᠡᠨ ᠪᠠᠶ᠋ᠢᠨ᠎ᠠ᠃ ᠰᠤᠭᠤᠴᠢᠨ ᠪᠠᠶ᠋ᠢᠴᠠᠭ᠋ᠠᠵᠤ ᠳᠠᠭᠤᠰᠤᠭᠰᠠᠨ᠎ᠤ ᠳᠠᠷᠠᠭ᠎ᠠ᠂ ᠰᠤᠭᠤᠴᠢᠨ ᠪᠠᠶ᠋ᠢᠴᠠᠭ᠋ᠠᠬᠤ ᠳᠤᠭᠤᠶ᠋ᠢᠯᠠᠩ ᠱᠠᠨᠰᠢ ᠮᠤᠵᠢ ᠵᠢᠨ ᠣᠶ ᠰᠢᠭᠤᠶ ᠵᠢᠨ ᠲᠣᠪᠴᠢᠶ᠎ᠠ᠎ᠲᠠᠢ ᠶᠠᠷᠢᠯᠴᠠᠬᠤ ᠬᠤᠷᠠᠯ ᠬᠢᠵᠦ᠂ ᠱᠠᠨᠰᠢ ᠮᠤᠵᠢ ᠵᠢᠨ ᠣᠶ ᠰᠢᠭᠤᠶ ᠵᠢᠨ ᠲᠣᠪᠴᠢᠶ᠎ᠠ᠎ᠳᠤ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠬᠠᠷᠢᠭᠤ ᠲᠤᠰᠬᠠᠵᠤ᠂ ᠬᠣᠶᠠᠷ ᠲᠠᠯ᠎ᠠ᠎ᠪᠠᠷ ᠵᠶ᠋ᠠᠨ ᠰᠠᠨᠠᠯ ᠵᠶ᠋ᠠᠨ ᠰᠣᠯᠢᠯᠴᠠᠬᠤ ᠵᠢᠨ ᠬᠠᠮᠲᠤ ᠣᠶ ᠰᠢᠭᠤᠶ ᠨᠤᠲᠤᠭ ᠪᠡᠯᠴᠢᠭᠡᠷ᠎ᠤᠨ ᠴᠢᠬᠢ ᠮᠣᠳᠣᠨ᠎ᠤ ᠪᠤᠰᠤᠳ ᠠᠵᠢᠯ᠎ᠤᠨ ᠲᠤᠬᠠᠶ ᠭᠦᠨᠵᠡᠭᠡᠶ ᠰᠣᠯᠢᠯᠴᠠᠪᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠥᠬᠡᠬᠣᠲᠠ ᠵᠢᠨ ᠣᠶ ᠮᠣᠳᠣᠨ᠎ᠤ ᠦᠷ᠎ᠡ ᠴᠢᠬᠢ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠲᠥᠪ 2008 ᠣᠨ᠎ᠳᠤ ᠪᠠᠶ᠋ᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ᠎ᠳᠤ ᠬᠤᠪᠢᠶᠠᠷᠢᠯᠠᠭᠳᠠᠨᠠ᠃
ᠲᠥᠪ ᠪᠠᠶ᠋ᠢᠭᠤᠯᠤᠭᠳᠠᠭᠰᠠᠨ᠎ᠠᠴᠠ ᠨᠠᠰᠢ᠂ ᠤᠷᠢᠳ ᠬᠣᠵᠢᠳ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢ ᠲᠥᠯᠥᠭᠡᠯᠡᠨ 40 ᠭᠠᠷᠤᠶ ᠮᠤᠵᠢ ᠬᠣᠲᠠ᠂ 200 ᠭᠠᠷᠤᠶ ᠰᠢᠶᠠᠨ ᠲᠣᠭᠣᠷᠢᠭ᠂ 300 ᠭᠠᠷᠤᠶ ᠨᠢᠭᠡᠴᠡ᠎ᠳᠤ ᠣᠶ ᠮᠣᠳᠣᠨ᠎ᠤ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ ᠥᠷᠨᠢᠭᠦᠯᠵᠦ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠢᠶᠠᠭᠰᠠᠨ ᠰᠤᠭᠤᠴᠢᠨ ᠪᠠᠶ᠋ᠢᠴᠠᠭ᠋ᠠᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃