
ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠤᠨ ᠬᠣᠯᠪᠣᠭᠳᠠᠯ ᠪᠥᠬᠥᠶ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《5.1》᠎ᠤ ᠬᠤᠭᠤᠴᠠᠭ᠋ᠠᠨ᠎ᠳᠠᠬᠢ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠢ ᠦᠨᠡᠨ ᠬᠦ᠌ ᠰᠠᠶ᠋ᠢᠲᠤᠷ ᠠᠳᠬᠤᠬᠤ ᠵᠢᠨ ᠲᠤᠰᠠᠳᠠ᠂ ᠠᠶᠤᠯ ᠥᠬᠡᠶ ᠦᠢ᠍ᠯᠡᠳᠪᠦᠷᠢᠯᠡᠯ᠎ᠤᠨ 《ᠭᠤᠷᠪᠠ ᠵᠢ ᠬᠠᠮᠢᠶᠠᠷᠬᠤ ᠭᠤᠷᠪᠠᠨ ᠡᠷᠬᠡᠪᠰᠢ》 ᠵᠢᠨ ᠱᠠᠭ᠋ᠠᠷᠳᠠᠯᠭ᠎ᠠ ᠶᠣᠰᠣᠭ᠋ᠠᠷ᠂ 4 ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠭᠠᠯ ᠰᠡᠷᠭᠡᠶ᠋ᠢᠯᠡᠬᠦ ᠬᠣᠶᠠᠳᠤᠭ᠋ᠠᠷ ᠭᠠᠵᠠᠷ᠂ ᠣᠶ ᠰᠢᠭᠤᠶ ᠵᠢᠨ ᠲᠠᠯᠠᠪᠠᠶ ᠵᠢᠨ ᠦᠷ᠎ᠡ ᠴᠢᠬᠢ ᠵᠢᠨ ᠭᠠᠵᠠᠷ᠂ ᠦᠷ᠎ᠡ ᠴᠢᠬᠢ ᠵᠢᠨ ᠶᠡᠷᠦᠩᠬᠡᠶ ᠥᠷᠲᠡᠭᠡ ᠵᠢᠨ ᠬᠣᠯᠪᠣᠭᠳᠠᠯ ᠪᠥᠬᠥᠶ ᠨᠥᠬᠥᠳ᠎ᠢ ᠳᠠᠭ᠋ᠠᠭᠤᠯᠤᠨ᠂ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠪᠡᠯᠡᠳᠬᠡᠮᠵᠢ ᠵᠢ ᠬᠠᠳᠠᠭ᠋ᠠᠯᠠᠬᠤ ᠬᠥᠮᠥᠷᠭᠡ ᠵᠢᠨ ᠥᠪᠥᠷ ᠮᠣᠩᠭᠣᠯ᠎ᠤᠨ ᠬᠤᠪᠢᠶᠠᠷᠢ ᠬᠥᠮᠥᠷᠭᠡ ᠵᠢᠨ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠲᠠᠯᠠᠪᠠᠶ᠎ᠳᠤ ᠬᠦᠷᠴᠦ ᠠᠶᠤᠯ ᠥᠬᠡᠶ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠪᠠ ᠪᠠᠷᠢᠯᠭ᠎ᠠ ᠵᠢᠨ ᠠᠵᠢᠯ᠎ᠤᠨ ᠠᠬᠢᠴᠠ ᠵᠢ ᠰᠢᠮᠳᠠᠭᠤᠯᠤᠨ ᠵᠢᠯᠣᠭᠣᠳᠪᠠ᠃ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠲᠥᠪ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠲᠤᠰᠬᠠᠶ ᠮᠡᠷᠭᠡᠵᠢᠯᠲᠡᠨ᠎ᠢ ᠤᠷᠢᠵᠤ ᠬᠠᠮᠲᠤ᠎ᠪᠠᠷ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠤᠷᠢᠳ ᠬᠣᠵᠢᠳ ᠳᠠᠭ᠋ᠠᠯᠲᠠ ᠪᠠᠷᠢᠯᠭ᠎ᠠ ᠵᠢᠨ ᠲᠥᠬᠥᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ ᠵᠢᠴᠢ ᠠᠬᠤᠶ ᠲᠠᠯᠠᠪᠠᠶ᠎ᠳᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠠ᠃
