4 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠥᠷ ᠮᠣᠩᠭᠣᠯ᠎ᠤᠨ ᠣᠢ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ᠂ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠵᠢᠴᠢ ᠭᠡᠭᠡᠨ ᠭᠤᠤᠯ ᠵᠢᠨ ᠣᠢ ᠰᠢᠭᠤᠶ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠎ᠢ ᠵᠣᠬᠢᠶᠠᠨ ᠪᠠᠶ᠋ᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠮ ᠱᠤᠭᠤᠮ᠎ᠤᠨ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠨ ᠠᠬᠢᠭᠤᠯᠬᠤ ᠲᠤᠬᠠᠶ ᠰᠤᠳᠤᠯᠵᠤ᠂ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠳ᠋᠎ᠤᠨ ᠶᠠᠪᠤᠳᠠᠯ᠎ᠤᠨ ᠲᠦᠯᠦᠪᠵᠢᠬᠦᠯᠭᠡ ᠵᠢᠨ ᠭᠠᠵᠠᠷ᠂ ᠡᠬᠢ ᠪᠠᠶᠠᠯᠢᠭ᠎ᠤᠨ ᠭᠠᠵᠠᠷ᠂ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ ᠪᠣᠯᠤᠨ ᠴᠢᠭᠢᠭᠯᠢᠭ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠣᠶ ᠰᠢᠭᠤᠶ ᠵᠢᠨ ᠭᠠᠯ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠠᠮ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢᠨ 3 ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠨᠠᠶ᠋ᠢᠷᠠᠭᠤᠯᠤᠨ ᠵᠣᠬᠢᠶᠠᠬᠤ ᠠᠬᠢᠴᠠ ᠪᠠ ᠣᠷᠣᠰᠢᠵᠤ ᠪᠠᠶ᠋ᠢᠭ᠎ᠠ ᠠᠰᠠᠭᠤᠳᠠᠯ᠂ ᠬᠦᠴᠢᠷᠳᠡᠯ᠎ᠢ ᠬᠠᠷᠢᠭᠤ ᠮᠡᠳᠡᠭᠦᠯᠵᠦ᠂ ᠡᠯ᠎ᠡ ᠰᠠᠯᠠᠭ᠎ᠠ ᠮᠦᠴᠢᠷ᠎ᠲᠤ ᠡᠮᠦᠨᠡᠬᠢ ᠬᠤᠭᠤᠴᠠᠭ᠋ᠠᠨ᠎ᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠵᠤᠷᠭ᠋ᠠᠨ ᠲᠣᠪᠴᠢᠶ᠎ᠠ᠎ᠲᠠᠢ ᠠᠵᠢᠯ᠎ᠤᠨ ᠬᠠᠮᠵᠢᠯᠴᠠᠭ᠋ᠠᠨ᠎ᠤ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠳᠤ ᠴᠢᠭᠯᠡᠭᠦᠯᠦᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠦ᠂ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠵᠠᠰᠠᠪᠤᠷᠢ ᠣᠷᠣᠭᠤᠯᠬᠤ ᠲᠥᠰᠦᠯ ᠪᠠ ᠵᠠᠰᠠᠪᠤᠷᠢ ᠣᠷᠣᠭᠤᠯᠬᠤ ᠰᠠᠨᠠᠯ᠎ᠢ ᠳᠤᠷᠠᠳᠪᠠ᠃ ᠡᠯ᠎ᠡ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠦᠯᠦᠪᠯᠡᠭᠡ ᠨᠠᠶ᠋ᠢᠷᠠᠭᠤᠯᠤᠨ ᠵᠣᠬᠢᠶᠠᠬᠤ ᠨᠢᠭᠡᠴᠡ᠎ᠨᠦᠭᠦᠳ ᠬᠤᠷᠠᠯ᠎ᠤᠨ ᠠᠭᠤᠯᠭ᠎ᠠ᠎ᠲᠠᠢ᠎ᠪᠠᠨ ᠤᠶᠠᠯᠳᠤᠭᠤᠯᠤᠨ᠂ ᠲᠤᠬᠠᠢ ᠵᠢᠨ ᠭᠠᠵᠠᠷ᠎ᠲᠤᠨᠢ ᠵᠠᠰᠠᠪᠤᠷᠢ ᠣᠷᠣᠭᠤᠯᠤᠨ ᠲᠡᠭᠦᠯᠳᠡᠷᠵᠢᠬᠦᠯᠪᠡ᠃ ᠲᠥᠷᠥᠯ ᠵᠦᠢ᠍ᠯ᠎ᠤᠨ ᠪᠥᠲᠦᠭᠡᠨ ᠪᠠᠶ᠋ᠢᠭᠤᠯᠤᠯᠲᠠ ᠵᠢᠨ ᠨᠢᠭᠡᠴᠡ᠎ᠨᠦᠭᠦᠳ ᠬᠥᠮᠦᠨ ᠲᠣᠮᠢᠯᠠᠨ ᠲᠤᠬᠠᠢ ᠵᠢᠨ ᠭᠠᠵᠠᠷ᠎ᠲᠤᠨᠢ ᠬᠠᠶ᠋ᠢᠨ ᠪᠠᠶ᠋ᠢᠴᠠᠭ᠋ᠠᠵᠤ ᠲᠣᠭ᠎ᠠ ᠪᠠᠷᠢᠮᠲᠠ ᠵᠢ ᠬᠢᠨᠠᠨ ᠬᠠᠷᠭᠤᠭᠤᠯᠤᠭᠰᠠᠨ ᠪᠠᠶ᠋ᠢᠨ᠎ᠠ᠃ ᠬᠤᠷᠠᠯ᠎ᠨᠢ ᠵᠢᠱ᠌ᠢᠭᠰᠡᠨ ᠦᠷ᠎ᠡ ᠪᠦᠲᠦᠮᠵᠢ ᠣᠯᠵᠤ᠂ 3 ᠲᠦᠷᠦᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠤᠷᠤᠭᠰᠢᠲᠠᠶ ᠪᠡᠶᠡᠯᠡᠭᠦᠯᠪᠡ᠃