ᠶᠡᠷᠦᠩᠬᠡᠶ ᠱᠦᠵᠢ ᠰᠢ ᠵᠢᠨ ᠫᠢᠩ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠵᠢᠨ ᠲᠥᠯᠥᠭᠡ᠂ ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠵᠤᠷᠭ᠋ᠠᠨ᠎ᠤ ᠳᠠᠷᠤᠭ᠎ᠠ ᠯᠢ ᠶᠦᠩ ᠵᠢᠶᠦ᠋ᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠳᠠᠭ᠋ᠠᠭᠤᠯᠤᠨ ᠰᠢᠯᠢ ᠵᠢᠨ ᠭᠤᠤᠯ ᠠᠶ᠋ᠢᠮᠠᠭ᠎ᠲᠤ ᠬᠦᠷᠴᠦ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠳᠠᠭ᠋ᠠᠭ᠋ᠠᠴᠢᠯᠠᠭᠰᠠᠨ ᠴᠢᠭ᠎ᠲᠤ ᠪᠠᠶ᠋ᠢᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠶᠣᠣ ᠮᠸᠩ ᠣᠷᠣᠯᠴᠠᠪᠠ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠰᠢᠯᠢᠩᠬᠣᠲᠠ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ᠎ᠤᠨ 《ᠤᠮᠠᠷᠠᠲᠤ ᠵᠢᠨ ᠭᠣᠷᠪᠠᠨ ᠤᠷᠤᠨ》 ᠤ ᠢᠨᠵᠧᠨᠧᠷᠢᠩ᠎ᠤᠨ ᠪᠠᠯᠠ ᠮᠥᠩᠭᠥ ᠵᠢ ᠬᠡᠷᠡᠭᠯᠡᠬᠦ ᠬᠠᠮᠢᠶᠠᠷᠤᠯᠲᠠ ᠵᠢᠨ ᠪᠢᠴᠢᠭ ᠮᠠᠲ᠋ᠧᠷᠢᠶᠠᠯ᠎ᠳᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠵᠦ᠂ ᠰᠢᠯᠢ ᠵᠢᠨ ᠭᠤᠤᠯ ᠠᠶ᠋ᠢᠮᠠᠭ᠂ ᠰᠢᠯᠢᠩᠬᠣᠲᠠ᠂ ᠠᠪᠠᠭ᠎ᠠ ᠬᠣᠰᠢᠭᠤ᠂ ᠪᠠᠷᠠᠭᠤᠨ ᠦᠵᠦᠮᠦᠴᠢᠨ ᠬᠣᠰᠢᠭᠤ᠂ ᠰᠢᠯᠤᠭᠤᠨ ᠬᠥᠬᠡ ᠬᠣᠰᠢᠭᠤ᠂ ᠬᠥᠪᠡᠭᠡᠲᠦ ᠴᠠᠭ᠋ᠠᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠢ ᠥᠷᠨᠢᠭᠦᠯᠦᠭᠰᠡᠨ ᠪᠠᠶ᠋ᠢᠳᠠᠯ᠂ ᠬᠦᠴᠢᠷᠳᠡᠯ᠎ᠢ ᠶᠠᠷᠢᠯᠴᠠᠭᠰᠠᠨ ᠪᠦᠭᠡᠳ ᠠᠵᠢᠯ᠎ᠤᠨ ᠰᠠᠨᠠᠭᠤᠯᠭ᠎ᠠ ᠳᠤᠷᠠᠳᠤᠭᠰᠠᠨ ᠪᠠᠶ᠋ᠢᠨ᠎ᠠ᠃ ᠳᠡᠳ᠋ ᠠᠶ᠋ᠢᠮᠠᠭ᠎ᠤᠨ ᠳᠠᠷᠤᠭ᠎ᠠ ᠰᠦᠨ ᠵᠧᠨ ᠵᠢᠶᠠᠩ ᠪᠥᠬᠥ ᠠᠶ᠋ᠢᠮᠠᠭ᠎ᠤᠨ 《ᠤᠮᠠᠷᠠᠲᠤ ᠵᠢᠨ ᠭᠤᠷᠪᠠᠨ ᠤᠷᠤᠨ 》᠎ᠤ ᠢᠨᠵᠧᠨᠧᠷᠢᠩ᠎ᠢ ᠥᠷᠨᠢᠭᠦᠯᠦᠭᠰᠡᠨ ᠪᠠᠶ᠋ᠢᠳᠠᠯ᠂ ᠪᠠᠯᠠ ᠮᠥᠩᠭᠥ ᠵᠢᠨ ᠣᠷᠣᠭᠤᠯᠤᠯᠲᠠ ᠵᠢᠨ ᠪᠠᠶ᠋ᠢᠳᠠᠯ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠢ ᠠᠬᠢᠭᠤᠯᠤᠭᠰᠠᠨ ᠪᠠᠶ᠋ᠢᠳᠠᠯ᠎ᠢ ᠲᠠᠨᠢᠯᠴᠠᠭᠤᠯᠪᠠ᠃ ᠯᠢ ᠶᠦᠩ ᠵᠢᠶᠦ᠋ᠨ ᠵᠤᠷᠭ᠋ᠠᠨ᠎ᠤ ᠳᠠᠷᠤᠭ᠎ᠠ ᠤᠯᠠᠨ᠎ᠤ ᠳᠤᠷᠠᠳᠤᠭᠰᠠᠨ ᠬᠦᠴᠢᠷᠳᠡᠯ ᠵᠢᠴᠢ ᠰᠠᠨᠠᠭᠤᠯᠭ᠎ᠠ᠎ᠳᠤ ᠨᠠᠷᠢᠨ ᠬᠠᠷᠢᠭᠤᠯᠲᠠ ᠥᠭᠴᠦ᠂ ᠸᠠᠩ ᠭᠤᠸᠠᠨ ᠼᠦᠩ ᠭᠠᠵᠠᠷ᠎ᠤᠨ ᠳᠠᠷᠤᠭ᠎ᠠ᠂ ᠶᠣᠣ ᠮᠸᠩ ᠭᠠᠵᠠᠷ᠎ᠤᠨ ᠳᠠᠷᠤᠭ᠎ᠠ ᠨᠦᠬᠦᠪᠦᠷᠢᠯᠡᠯᠳᠡ ᠬᠢᠵᠡᠢ᠃
ᠯᠢ ᠶᠦᠩ ᠵᠢᠶᠦ᠋ᠨ ᠵᠤᠷᠭ᠋ᠠᠨ᠎ᠤ ᠳᠠᠷᠤᠭ᠎ᠠ ᠰᠢᠯᠢᠩᠬᠣᠲᠠ ᠵᠢᠨ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠲᠦᠷᠦᠯ ᠵᠦᠢ᠍ᠯ᠎ᠤᠨ ᠲᠣᠭᠣᠷᠢᠭ᠎ᠲᠤ ᠭᠦᠨᠵᠡᠭᠡᠶ᠋ᠢᠷᠡᠨ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠪᠡ᠃ ᠵᠡᠭᠦᠨ ᠬᠡᠰᠡᠭ᠎ᠤᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠎ᠤᠨ ᠲᠠᠴᠢᠷᠳᠠᠭᠰᠠᠨ ᠣᠶ ᠵᠢ ᠰᠡᠷᠭᠦᠭᠡᠬᠦ ᠲᠥᠷᠥᠯ ᠵᠦᠢ᠍ᠯ᠎ᠤᠨ ᠣᠷᠣᠨ᠂ ᠲᠠᠴᠢᠷᠳᠠᠭᠰᠠᠨ ᠨᠤᠲᠤᠭ ᠪᠡᠯᠴᠢᠭᠡᠷ᠎ᠤᠨ ᠠᠮᠢ ᠠᠬᠤᠶ ᠵᠢ ᠰᠡᠷᠭᠦᠭᠡᠬᠦ ᠲᠥᠷᠥᠯ ᠵᠦᠢ᠍ᠯ᠎ᠤᠨ ᠣᠷᠣᠨ᠎ᠳᠤ ᠲᠣᠰ ᠲᠣᠰ ᠬᠦᠷᠴᠦ᠂ ᠲᠠᠴᠢᠷᠳᠠᠭᠰᠠᠨ ᠣᠶ ᠵᠢ ᠰᠡᠷᠭᠦᠭᠡᠬᠦ᠂ ᠨᠤᠲᠤᠭ ᠪᠡᠯᠴᠢᠭᠡᠷ᠎ᠢ ᠬᠦᠷᠢᠶᠡᠯᠡᠨ ᠪᠢᠲᠡᠭᠦᠮᠵᠢᠯᠡᠬᠦ ᠲᠥᠷᠥᠯ ᠵᠦᠢ᠍ᠯ᠎ᠤᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠣᠶ᠋ᠢᠯᠠᠭ᠋ᠠᠪᠠ᠃ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠎ᠤᠨ ᠭᠠᠵᠠᠷ᠎ᠲᠤ ᠬᠦᠷᠴᠦ᠂ ᠢᠨᠵᠧᠨᠧᠷᠢᠩ᠎ᠤᠨ ᠠᠵᠢᠯ ᠡᠬᠢᠯᠡᠭᠰᠡᠨ᠂ ᠬᠡᠷᠡᠭᠵᠢᠭᠦᠯᠦᠭᠰᠡᠨ ᠪᠠ ᠬᠠᠮᠢᠶᠠᠷᠴᠤ ᠬᠠᠮᠠᠭ᠋ᠠᠯᠠᠭᠰᠠᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ ᠣᠶ᠋ᠢᠯᠠᠭ᠋ᠠᠪᠠ᠃ ᠡᠮᠦᠨ᠎ᠡ ᠠᠭᠤᠯᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠵᠢᠯᠣᠭᠣᠳᠬᠤ ᠲᠠᠪᠴᠠᠩ᠎ᠳᠤ ᠬᠦᠷᠴᠦ᠂ ᠰᠢᠯᠢᠩᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠲᠠᠪᠴᠠᠩ᠎ᠤᠨ ᠠᠵᠢᠯᠯᠠᠭ᠋ᠠᠨ᠎ᠤ ᠪᠠᠶ᠋ᠢᠳᠠᠯ ᠪᠣᠯᠤᠨ ᠭᠠᠯ᠎ᠢ ᠰᠡᠷᠭᠡᠶ᠋ᠢᠯᠡᠬᠦ ᠲᠣᠨᠣᠭ ᠲᠥᠬᠥᠭᠡᠷᠦᠮᠵᠢ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠵᠦ ᠣᠶ᠋ᠢᠯᠠᠭ᠋ᠠᠪᠠ᠃