ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠰᠦᠪᠡᠭᠴᠢ ᠵᠢ ᠢᠯᠡᠷᠡᠬᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-06-20


    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 6 ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨ᠎ᠡ ᠬᠤᠷᠠᠯᠳᠤᠭᠤᠯᠤᠭᠰᠠᠨ ᠪᠥᠬᠥ ᠣᠷᠣᠨ᠎ᠤ ᠣᠷᠣᠨ ᠰᠠᠭᠤᠴᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠪᠠᠶ᠋ᠢᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠠᠷᠤᠶ ᠲᠦᠷᠭᠡᠨ ᠬᠥᠳᠡᠯᠦᠯᠴᠡᠵᠦ᠂ ᠲᠣᠰ ᠡᠳᠦᠷ᠎ᠤᠨ ᠦᠳᠡ ᠵᠢᠨ ᠬᠣᠶ᠋ᠢᠨ᠎ᠠ ᠲᠤᠰᠬᠠᠶ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
     ᠬᠤᠷᠠᠯ᠎ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠬᠣᠯᠪᠣᠭᠳᠠᠯ ᠪᠥᠬᠥᠶ  ᠵᠦᠢ᠍ᠯᠡᠰ᠎ᠢ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠬᠤᠪᠢᠷᠠᠯᠲᠠ ᠵᠢᠨ ᠵᠢᠷᠤᠭ ᠳᠦᠷᠰᠦ ᠵᠢ ᠪᠡᠶ᠎ᠡ᠎ᠪᠠᠨ ᠳᠠᠭ᠋ᠠᠭ᠋ᠠᠵᠤ ᠭᠠᠷᠭ᠋ᠠᠨ ᠠᠪᠬᠤ ᠵᠡᠷᠭᠡ ᠪᠣᠳᠠᠲᠠᠶ ᠠᠵᠢᠯ᠎ᠢ ᠲᠣᠬᠢᠷᠠᠭᠤᠯᠵᠤ᠂ ᠠᠯᠤᠰ ᠰᠡᠷᠡᠯ᠎ᠤᠨ ᠮᠠᠰᠢᠨ ᠵᠶ᠋ᠠᠷ ᠮᠠᠭ᠋ᠠᠳᠯᠠᠬᠤ ᠵᠡᠷᠭᠡ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠳᠠᠮᠵᠢᠭᠤᠯᠤᠨ᠂ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠬᠤᠪᠢᠷᠠᠯᠲᠠ ᠵᠢᠨ ᠪᠠᠶ᠋ᠢᠳᠠᠯ᠎ᠢ ᠵᠠᠳᠠᠯᠤᠨ ᠬᠠᠷᠢᠴᠠᠭᠤᠯᠬᠤ ᠵᠢᠨ ᠬᠠᠮᠲᠤ ᠬᠤᠪᠢᠷᠠᠯᠲᠠ ᠵᠢᠨ ᠵᠢᠷᠤᠭ ᠳᠦᠷᠰᠦ ᠵᠢ ᠭᠠᠷᠭ᠋ᠠᠨ ᠠᠪᠴᠤ᠂ ᠪᠥᠬᠥ ᠣᠷᠣᠨ᠎ᠤ ᠡᠯ᠎ᠡ ᠭᠠᠵᠠᠷ᠎ᠲᠤ ᠣᠶ ᠰᠢᠭᠤᠶ ᠨᠤᠲᠤᠭ ᠪᠡᠯᠴᠢᠭᠡᠷ᠎ᠢ ᠰᠦᠢ᠍ᠳᠬᠡᠭᠰᠡᠨ ᠰᠡᠵᠢᠭᠯᠡᠯᠲᠡᠶ ᠠᠵᠢᠯᠯᠠᠭ᠎ᠠ ᠵᠢᠨ ᠰᠦᠪᠡᠭᠴᠢ ᠬᠠᠩᠭ᠋ᠠᠵᠤ᠂ ᠠᠰᠠᠭᠤᠳᠠᠯ᠎ᠢ ᠨᠠᠷᠢᠯᠢᠭ ᠣᠨᠣᠪᠴᠢᠲᠠᠶ ᠢᠯᠡᠷᠡᠭᠦᠯᠬᠦ ᠵᠢ ᠦᠨᠡᠨ ᠬᠦ᠌ ᠪᠠᠲᠤᠯᠠᠵᠤ᠂ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠱᠠᠭ᠋ᠠᠷᠳᠠᠪᠠ᠃
    ᠬᠤᠷᠠᠯ᠎ᠠᠴᠠ᠂ ᠪᠦᠬᠦ ᠣᠷᠣᠨ᠎ᠤ ᠡᠯ᠎ᠡ ᠱᠠᠲᠤᠨ᠎ᠤ ᠤᠢ ᠰᠢᠭᠤᠢ ᠨᠤᠲᠤᠭ ᠪᠡᠯᠴᠢᠭᠡᠷ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ 《ᠤᠯᠤᠰ᠎ᠤᠨ ᠶᠡᠬᠡ ᠲᠠᠯ᠎ᠠ》 ᠵᠢᠨ ᠦᠨᠳᠦᠷᠴᠡ᠎ᠠᠴᠠ ᠲᠤᠰ ᠤᠳᠠᠭ᠎ᠠ ᠵᠢᠨ ᠲᠤᠰᠬᠠᠢ ᠠᠵᠢᠯᠯᠠᠭ᠎ᠠ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠤᠯᠤᠰ ᠲᠦᠷᠦ ᠵᠢᠨ ᠲᠠᠯ᠎ᠠ᠎ᠠᠴᠠ ᠡᠷᠬᠢᠯᠡᠵᠦ᠂ 2021 ᠣᠨ᠎ᠠᠴᠠ ᠨᠠᠭ᠋ᠠᠰᠢᠬᠢ ᠤᠢ ᠰᠢᠭᠤᠢ ᠨᠤᠲᠤᠭ ᠪᠡᠯᠴᠢᠭᠡᠷ᠎ᠢ ᠡᠪᠳᠡᠭᠰᠡᠨ ᠡᠯ᠎ᠡ ᠲᠦᠷᠦᠯ᠎ᠤᠨ ᠠᠰᠠᠭᠤᠳᠠᠯ᠎ᠢ ᠪᠦᠬᠦ ᠲᠠᠯ᠎ᠠ᠎ᠪᠠᠷ ᠴᠡᠭᠴᠡᠯᠡᠨ ᠵᠠᠰᠠᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠶ᠋ᠢᠳᠠᠪᠤᠷᠢᠵᠢᠭᠤᠯᠬᠤ ᠶᠣᠰᠣᠲᠠᠢ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ᠂ ᠨᠢᠭᠡᠴᠡ᠎ᠨᠦᠭᠦᠳ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠮᠡᠷᠭᠡᠵᠢᠯ᠎ᠤᠨ ᠪᠠᠲᠤᠯᠠᠭ᠎ᠠ᠂ ᠠᠵᠢᠯ᠎ᠤᠨ ᠵᠢᠯᠣᠭᠣᠳᠣᠯᠭ᠎ᠠ ᠪᠠ ᠬᠢᠨᠠᠯᠲᠠ ᠲᠠᠯᠪᠢᠵᠤ ᠬᠢᠨᠠᠨ ᠬᠠᠷᠭᠤᠭᠤᠯᠬᠤ ᠵᠡᠷᠭᠡ ᠠᠵᠢᠯ᠎ᠢ ᠰᠠᠶ᠋ᠢᠲᠤᠷ ᠬᠢᠵᠦ᠂ ᠲᠤᠰᠬᠠᠶ ᠠᠵᠢᠯᠯᠠᠭ᠎ᠠ ᠵᠢ ᠪᠣᠳᠠᠲᠠᠶ ᠠᠳᠬᠤᠵᠤ᠂ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ 
    ᠬᠤᠷᠠᠯ᠎ᠠᠴᠠ ᠱᠠᠭ᠋ᠠᠷᠳᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠶᠠᠷ ᠬᠣᠷᠢᠶ᠎ᠠ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠢ ᠰᠢᠯᠵᠢᠭᠦᠯᠵᠦ᠂ ᠨᠢᠭᠡ ᠭᠠᠷᠠᠭ᠎ᠤᠨ ᠴᠠᠭ ᠵᠠᠷᠤᠴᠠᠭᠤᠯᠵᠤ ᠪᠠᠶ᠋ᠢᠭ᠋ᠠᠳ ᠬᠤᠪᠢᠷᠠᠯᠲᠠ ᠵᠢᠨ ᠵᠢᠷᠤᠭ᠎ᠢ ᠭᠠᠷᠭ᠋ᠠᠨ ᠠᠪᠬᠤ ᠠᠵᠢᠯ᠎ᠢ ᠪᠡᠶᠡᠯᠡᠭᠦᠯᠬᠦ᠎ᠪᠠᠷ ᠴᠢᠷᠮᠠᠶ᠋ᠢᠵᠤ᠂ ᠲᠥᠪ᠎ᠤᠨ ᠬᠢᠨᠠᠨ ᠪᠤᠳᠤᠯᠲᠠ᠂ ᠣᠶ ᠰᠢᠭᠤᠶ ᠵᠢᠨ ᠰᠢᠮᠳᠠᠭᠤᠯᠤᠨ ᠪᠠᠶ᠋ᠢᠴᠠᠭ᠋ᠠᠯᠲᠠ᠂ ᠨᠤᠲᠤᠭ ᠪᠡᠯᠴᠢᠭᠡᠷ᠎ᠤᠨ ᠬᠤᠪᠢᠷᠠᠯᠲᠠ ᠵᠢᠨ ᠲᠣᠯᠪᠣ ᠵᠢ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠵᠡᠷᠭᠡ ᠨᠢᠭᠡᠨᠲᠡ ᠪᠠᠭᠤᠯᠭ᠋ᠠᠭᠰᠠᠨ ᠬᠤᠪᠢᠷᠠᠯᠲᠠ ᠵᠢᠨ ᠲᠣᠯᠪᠣ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠬᠠᠮᠤᠭ ᠡᠴᠦᠰ᠎ᠲᠤ ᠬᠤᠪᠢᠷᠠᠯᠲᠠ ᠵᠢᠨ ᠲᠣᠯᠪᠣ ᠵᠢ ᠭᠠᠷᠭ᠋ᠠᠨ ᠠᠪᠴᠤ ᠡᠯ᠎ᠡ ᠭᠠᠵᠠᠷ᠎ᠲᠤ ᠪᠠᠭᠤᠯᠭ᠋ᠠᠵᠤ᠂ ᠬᠤᠪᠢᠷᠠᠯᠲᠠ ᠵᠢᠨ ᠲᠣᠯᠪᠣ ᠵᠢᠨ ᠴᠢᠭᠯᠡᠭᠦᠯᠦᠯᠲᠦ ᠴᠢᠨᠠᠷ᠎ᠢ ᠨᠠᠩ ᠲᠣᠳᠣᠷᠬᠠᠶ ᠪᠣᠯᠭ᠋ᠠᠵᠤ᠂ ᠦᠨᠳᠦᠰᠦᠨ ᠱᠠᠲᠤᠨ᠎ᠤ ᠴᠠᠭ ᠲᠤᠬᠠᠶ᠎ᠳᠤᠨᠢ ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠲᠦᠷᠭᠡᠨ ᠰᠢᠢ᠍ᠳᠪᠦᠷᠢᠯᠡᠬᠦ ᠵᠢ ᠪᠠᠲᠤᠯᠠᠵᠤ᠂ ᠲᠤᠰᠬᠠᠶ ᠠᠵᠢᠯᠯᠠᠭ᠎ᠠ ᠵᠢᠨ ᠢᠯᠡᠳᠲᠡ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ ᠭᠡᠵᠡᠶ᠃ 
     ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠤᠢ ᠰᠢᠭᠤᠢ ᠨᠤᠲᠤᠭ ᠪᠡᠯᠴᠢᠭᠡᠷ᠎ᠢ ᠬᠣᠬᠢᠷᠠᠭᠤᠯᠤᠭᠰᠠᠨ ᠠᠰᠠᠭᠤᠳᠠᠯ᠎ᠢ ᠢᠯᠡᠴᠢᠯᠡᠨ ᠮᠡᠳᠡᠭᠦᠯᠬᠦ ᠤᠲᠠᠰᠤ᠂ ᠢᠯᠡᠴᠢᠯᠡᠨ ᠮᠡᠳᠡᠭᠦᠯᠬᠦ ᠰᠢᠦᠳᠠᠨ᠎ᠤ ᠬᠠᠶ᠋ᠢᠷᠴᠠᠭ ᠭᠠᠷᠭ᠋ᠠᠵᠤ᠂ ᠰᠦᠪᠡᠭᠴᠢ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠶᠠᠷ ᠬᠣᠷᠢᠶ᠎ᠠ᠂ ᠰᠢᠮᠳᠠᠭᠤᠯᠤᠨ ᠪᠠᠢ᠌ᠴᠠᠭ᠋ᠠᠬᠤ ᠪᠠᠲᠤᠯᠠᠭ᠎ᠠ ᠵᠢᠨ ᠲᠥᠪ ᠵᠡᠷᠭᠡ ᠨᠢᠭᠡᠴᠡ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠨᠥᠬᠥᠳ᠂ ᠮᠡᠷᠭᠡᠵᠢᠯ᠎ᠤᠨ ᠭᠤᠤᠯᠯᠠᠭᠴᠢ ᠬᠦᠴᠦᠨ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯᠲᠠᠨ ᠪᠥᠬᠥ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠤᠯᠪᠠᠰᠤᠷᠠᠭᠤᠯᠤᠯ᠎ᠳᠤ ᠤᠷᠤᠯᠴᠠᠪᠠ
ᠪᠥᠬᠦ ᠣᠷᠣᠨ᠎ᠤ ᠨᠠᠶ᠋ᠢᠯᠵᠠᠭᠤᠷ ᠬᠠᠷᠭ᠋ᠠᠨ᠎ᠠ ᠵᠢᠨ ᠠᠵᠤ ᠦᠢ᠍ᠯᠡᠰ᠎ᠤᠨ ᠪᠣᠯᠪᠠᠰᠤᠷᠠᠭᠤᠯᠤᠯ᠎ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠦᠵᠡᠭᠦᠯᠭᠡ ᠲᠠᠨᠢᠯᠴᠠᠭᠤᠯᠭ᠎ᠠ ᠵᠢᠨ ᠠᠵᠢᠯᠯᠠᠭ᠎ᠠ ᠣᠷᠳᠣᠰ ᠬᠤᠲᠠ ᠵᠢᠨ ᠳᠠᠯᠠᠳ ᠬᠤᠰᠢᠭᠤᠨ᠎ᠳᠤ ᠶᠠᠪᠤᠭᠳᠠᠪᠠ
2024 ᠣᠨ᠎ᠳᠤ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ
ᠥᠪᠥᠷ ᠮᠣᠩᠭᠤᠯ᠎ᠤᠨ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠲᠤ ᠲᠡᠷᠢᠭᠦᠯᠡᠪᠡ
 
             蒙ICP备05000248号