ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯᠲᠠᠨ ᠪᠥᠬᠥ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠤᠯᠪᠠᠰᠤᠷᠠᠭᠤᠯᠤᠯ᠎ᠳᠤ ᠤᠷᠤᠯᠴᠠᠪᠠ
ᠨᠡᠶ᠋ᠢᠲᠡᠯᠡᠭᠰᠡᠨ ᠴᠠᠭ᠄ 2024-06-25

 
    ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠢ᠌ᠴᠠᠭ᠋ᠠᠨ ᠲᠦᠯᠦᠪᠵᠢᠬᠦᠯᠬᠦ ᠬᠦᠷᠢᠶᠡᠯᠡᠩ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶᠠᠷᠤᠯᠲᠠ ᠵᠢᠨ ᠺᠠᠳ᠋ᠷ᠎ᠤᠨ ᠳᠡᠭᠡᠳᠦ ᠰᠤᠷᠭ᠋ᠠᠭᠤᠯᠢ᠎ᠳᠤ ᠨᠠᠶ᠋ᠢᠳᠠᠵᠤ ᠬᠤᠨᠠᠨ ᠮᠤᠵᠢ ᠵᠢᠨ ᠴᠠᠩᠱ᠌ᠠ ᠬᠣᠲᠠ᠎ᠳᠤ ᠪᠥᠬᠥ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠤᠯᠪᠠᠰᠤᠷᠠᠭᠤᠯᠤᠯ᠎ᠤᠨ ᠠᠩᠭᠢ ᠡᠷᠬᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 3 ᠬᠥᠮᠦᠨ᠎ᠢ ᠰᠣᠩᠭᠣᠨ ᠲᠣᠮᠢᠯᠠᠵᠤ ᠪᠤᠯᠪᠠᠰᠤᠷᠠᠭᠤᠯᠤᠯ᠎ᠳᠤ ᠣᠷᠣᠯᠴᠠᠭᠤᠯᠪᠠ᠃ ᠪᠤᠯᠪᠠᠰᠤᠷᠠᠭᠤᠯᠤᠯ᠎ᠤᠨ ᠠᠩᠭᠢ ᠣᠨᠣᠯ᠎ᠤᠨ ᠬᠢᠴᠢᠶᠡᠯ ᠪᠠ ᠦᠢ᠍ᠯᠡᠳᠦᠯᠭᠡ ᠵᠢ ᠤᠶᠠᠯᠳᠤᠭᠤᠯᠬᠤ᠂ ᠬᠢᠴᠢᠶᠡᠯᠯᠡᠬᠦ ᠪᠠ ᠲᠤᠷᠰᠢᠯᠭ᠎ᠠ᠎ᠪᠠᠨ ᠬᠤᠪᠢᠶᠠᠯᠴᠠᠬᠤ ᠵᠢ ᠤᠶᠠᠯᠳᠤᠭᠤᠯᠬᠤ ᠪᠤᠯᠪᠠᠰᠤᠷᠠᠭᠤᠯᠤᠯ ᠬᠢᠭᠰᠡᠨ ᠪᠠᠢ᠌ᠨ᠎ᠠ᠃ ᠲᠣᠰ ᠤᠳᠠᠭ᠋ᠠᠨ᠎ᠤ ᠪᠣᠯᠪᠠᠰᠤᠷᠠᠭᠤᠯᠤᠯ᠎ᠨᠢ ᠲᠥᠪ᠎ᠤᠨ ᠡᠳ᠋᠎ᠤᠨ ᠵᠠᠰᠠᠭ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠤᠨ ᠬᠢᠨᠠᠨ ᠵᠦᠪᠰᠢᠶᠡᠷᠡᠬᠦ ᠬᠡᠪᠴᠢᠶ᠎ᠡ᠂ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ᠂ ᠬᠥᠮᠥᠷᠭᠡ᠎ᠳᠤ ᠣᠷᠣᠭᠤᠯᠬᠤ ᠵᠦᠭᠯᠡᠭᠦᠷ᠂ ᠲᠥᠰᠦᠯ (ᠪᠣᠯᠤᠮᠵᠢᠲᠤ ᠰᠤᠳᠤᠯᠤᠯ) ᠨᠠᠶ᠋ᠢᠷᠠᠭᠤᠯᠤᠨ ᠵᠣᠬᠢᠶᠠᠬᠤ᠂ ᠲᠥᠷᠥᠯ ᠵᠦᠢ᠍ᠯ᠎ᠤᠨ ᠦᠷ᠎ᠡ ᠪᠦᠲᠦᠮᠵᠢ᠂ ᠣᠷᠣᠰᠢᠵᠤ ᠪᠠᠶ᠋ᠢᠭ᠎ᠠ ᠠᠰᠠᠭᠤᠳᠠᠯ ᠵᠡᠷᠭᠡ ᠵᠢ ᠪᠥᠬᠥ ᠲᠠᠯ᠎ᠠ᠎ᠪᠠᠷ ᠵᠠᠳᠠᠯᠤᠨ ᠲᠠᠢ᠌ᠯᠪᠤᠷᠢᠯᠠᠪᠠ᠃ ᠪᠤᠯᠪᠠᠰᠤᠷᠠᠭᠤᠯᠤᠯ᠎ᠳᠤ ᠤᠷᠤᠯᠴᠠᠭᠰᠠᠳ ᠪᠠᠰᠠ ᠵᠡᠬᠦᠨ ᠳ᠋ᠦᠩ ᠲᠢᠩ ᠬᠤ᠌ ᠨᠠᠭᠤᠷ᠎ᠤᠨ ᠣᠯᠠᠨ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠎ᠲᠤ ᠬᠦᠷᠴᠦ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ ᠰᠠᠨᠠᠯ ᠵᠶ᠋ᠠᠨ ᠰᠣᠯᠢᠯᠴᠠᠪᠠ᠃
     ᠲᠣᠰ ᠤᠳᠠᠭ᠋ᠠᠨ᠎ᠤ ᠪᠤᠯᠪᠠᠰᠤᠷᠠᠭᠤᠯᠤᠯ ᠵᠶ᠋ᠠᠷ ᠳᠡᠮᠵᠢᠨ᠂ ᠪᠤᠯᠪᠠᠰᠤᠷᠠᠭᠤᠯᠤᠯ᠎ᠳᠤ ᠤᠷᠤᠯᠴᠠᠭᠰᠠᠳ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢ ᠰᠢᠰᠲ᠋ᠧᠮ᠎ᠲᠠᠢ ᠰᠤᠷᠤᠯᠴᠠᠵᠤ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠦ ᠣᠷᠣᠨ᠎ᠤ ᠨᠠᠶ᠋ᠢᠯᠵᠠᠭᠤᠷ ᠬᠠᠷᠭ᠋ᠠᠨ᠎ᠠ ᠵᠢᠨ ᠠᠵᠤ ᠦᠢ᠍ᠯᠡᠰ᠎ᠤᠨ ᠪᠣᠯᠪᠠᠰᠤᠷᠠᠭᠤᠯᠤᠯ᠎ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠦᠵᠡᠭᠦᠯᠭᠡ ᠲᠠᠨᠢᠯᠴᠠᠭᠤᠯᠭ᠎ᠠ ᠵᠢᠨ ᠠᠵᠢᠯᠯᠠᠭ᠎ᠠ ᠣᠷᠳᠣᠰ ᠬᠤᠲᠠ ᠵᠢᠨ ᠳᠠᠯᠠᠳ ᠬᠤᠰᠢᠭᠤᠨ᠎ᠳᠤ ᠶᠠᠪᠤᠭᠳᠠᠪᠠ
2024 ᠣᠨ᠎ᠳᠤ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ
ᠥᠪᠥᠷ ᠮᠣᠩᠭᠤᠯ᠎ᠤᠨ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠲᠤ ᠲᠡᠷᠢᠭᠦᠯᠡᠪᠡ
 
             蒙ICP备05000248号