ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠥᠬᠦ ᠣᠷᠣᠨ᠎ᠤ ᠨᠠᠶ᠋ᠢᠯᠵᠠᠭᠤᠷ ᠬᠠᠷᠭ᠋ᠠᠨ᠎ᠠ ᠵᠢᠨ ᠠᠵᠤ ᠦᠢ᠍ᠯᠡᠰ᠎ᠤᠨ ᠪᠣᠯᠪᠠᠰᠤᠷᠠᠭᠤᠯᠤᠯ᠎ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠦᠵᠡᠭᠦᠯᠭᠡ ᠲᠠᠨᠢᠯᠴᠠᠭᠤᠯᠭ᠎ᠠ ᠵᠢᠨ ᠠᠵᠢᠯᠯᠠᠭ᠎ᠠ ᠣᠷᠳᠣᠰ ᠬᠤᠲᠠ ᠵᠢᠨ ᠳᠠᠯᠠᠳ ᠬᠤᠰᠢᠭᠤᠨ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-06-27

  
  
    6 ᠰᠠᠷ᠎ᠠ ᠵᠢᠨ 25᠎ᠤ ᠡᠳᠦᠷ᠎ᠠᠴᠠ 26᠎ᠤ ᠡᠳᠦᠷ ᠪᠣᠯᠲᠠᠯ᠎ᠠ᠂ ᠪᠥᠬᠦ ᠣᠷᠣᠨ᠎ᠤ ᠨᠠᠶ᠋ᠢᠯᠵᠠᠭᠤᠷ ᠬᠠᠷᠭ᠋ᠠᠨ᠎ᠠ ᠵᠢᠨ ᠠᠵᠤ ᠦᠢ᠍ᠯᠡᠰ᠎ᠤᠨ ᠪᠣᠯᠪᠠᠰᠤᠷᠠᠭᠤᠯᠤᠯ᠎ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠦᠵᠡᠭᠦᠯᠭᠡ ᠲᠠᠨᠢᠯᠴᠠᠭᠤᠯᠭ᠎ᠠ ᠵᠢᠨ ᠠᠵᠢᠯᠯᠠᠭ᠎ᠠ ᠵᠢ ᠣᠷᠳᠣᠰ ᠬᠤᠲᠠ ᠵᠢᠨ ᠳᠠᠯᠠᠳ ᠬᠤᠰᠢᠭᠤᠨ᠎ᠳᠤ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠦ᠋ ᠵᠥᠩ ᠶᠠᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠶᠦᠩ ᠴᠢᠤᠸᠠᠨ ᠠᠵᠢᠯᠯᠠᠭ᠎ᠠ᠎ᠳᠤ ᠣᠷᠣᠯᠴᠠᠵᠠᠢ᠃


6385509768215686231410197.png


    ᠪᠣᠯᠪᠠᠰᠤᠷᠠᠭᠤᠯᠤᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠶ᠋ᠢᠯᠵᠠᠭᠤᠷ ᠬᠠᠷᠭ᠋ᠠᠨ᠎ᠠ ᠵᠢᠨ ᠭᠤᠤᠷᠰᠤ ᠵᠢ ᠲᠡᠭᠰᠢᠯᠡᠵᠦ ᠬᠤᠷᠢᠶᠠᠬᠤ ᠮᠠᠰᠢᠨ᠎ᠢ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠵᠤ᠂ ᠨᠠᠶ᠋ᠢᠯᠵᠠᠭᠤᠷ ᠬᠠᠷᠭ᠋ᠠᠨ᠎ᠠ ᠵᠢᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠪᠠ ᠡᠯᠡᠰᠦ ᠵᠢ ᠵᠠᠰᠠᠬᠤ ᠮᠠᠰᠢᠨ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠬᠦ᠎ᠨᠢ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠤᠷᠠᠯᠠᠯ᠂ ᠰᠢᠨ᠎ᠡ ᠵᠠᠭᠪᠤᠷ ᠵᠶ᠋ᠠᠷ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠪᠠ 《ᠭᠤᠷᠪᠠᠨ ᠤᠮᠠᠷᠠᠲᠤ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠨᠠᠩ ᠰᠠᠶ᠋ᠢᠲᠤᠷ ᠲᠤᠯᠭ᠋ᠠᠭᠤᠷᠢᠯᠠᠨ ᠠᠬᠢᠭᠤᠯᠬᠤ ᠬᠦᠴᠦᠲᠡᠢ ᠲᠤᠯᠭ᠋ᠠᠭᠤᠷᠢᠯᠠᠯ ᠪᠣᠯᠣᠨ᠎ᠠ᠃ ᠲᠠᠷᠢᠶᠠᠯᠠᠩ᠎ᠤᠨ ᠮᠠᠰᠢᠨ᠎ᠤ ᠠᠵᠤ ᠠᠬᠤᠶ᠋ᠢᠯᠠᠯ᠎ᠤᠨ ᠦᠢ᠍ᠯᠡᠳᠬᠦᠨ᠎ᠳᠤ ᠦᠵᠡᠭᠦᠯᠭᠡ ᠪᠠ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ᠎ᠢ ᠪᠠᠶ᠋ᠢᠭᠤᠯᠵᠤ᠂ ᠪᠥᠬᠦ ᠣᠷᠣᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠦᠵᠡᠯ ᠰᠠᠨᠠᠭ᠎ᠠ᠎ᠪᠠᠨ ᠨᠢᠭᠡᠳᠬᠡᠨ᠂ ᠠᠯᠬᠤᠮ ᠵᠶ᠋ᠠᠨ ᠨᠢᠭᠡᠳᠦᠯᠲᠡᠢ ᠠᠬᠢᠭᠤᠯᠵᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠵᠢ ᠲᠦᠯᠬᠢᠨ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ ᠭᠡᠪᠡ᠃



6385509772454748266891813.png


6385509780454744437118029.png



    ᠪᠣᠯᠪᠠᠰᠤᠷᠠᠭᠤᠯᠤᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠢᠭᠡ᠎ᠳᠤ ᠬᠡᠷᠡᠭᠯᠡᠭᠡᠨ᠎ᠤ ᠪᠣᠳᠠᠲᠠᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠰᠢᠨ ᠲᠣᠨᠣᠭᠯᠠᠯ᠎ᠤᠨ ᠪᠠᠲᠤᠯᠠᠭ᠎ᠠ ᠵᠢ ᠴᠢᠩᠭ᠋ᠠᠳᠬᠠᠨ᠂ ᠰᠤᠳᠤᠯᠤᠨ ᠨᠡᠭᠡᠭᠡᠬᠦ ᠵᠢ ᠠᠳᠬᠤᠬᠤ᠂ ᠳᠡᠯᠭᠡᠷᠡᠭᠦᠯᠬᠦ ᠵᠢ ᠴᠢᠬᠤᠯᠠᠴᠢᠯᠠᠬᠤ᠂ ᠲᠣᠭᠲᠠᠴᠠ ᠵᠢ ᠡᠭᠦᠳᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠮᠠᠰᠢᠨ ᠲᠣᠨᠣᠭᠯᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠤᠶᠠᠷ᠎ᠲᠤ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠶ᠋ᠢᠯᠵᠠᠭᠤᠷ ᠬᠠᠷᠭ᠋ᠠᠨ᠎ᠠ ᠵᠢᠨ ᠠᠵᠤ ᠦᠢ᠍ᠯᠡᠰ᠎ᠢ ᠬᠦᠴᠦᠯᠡᠨ ᠬᠥᠭᠵᠢᠭᠦᠯᠵᠦ᠂ ᠨᠠᠶ᠋ᠢᠯᠵᠠᠭᠤᠷ ᠬᠠᠷᠭ᠋ᠠᠨ᠎ᠠ ᠵᠢᠨ ᠡᠬᠢ ᠪᠠᠶᠠᠯᠢᠭ᠎ᠤᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠨᠠᠶ᠋ᠢᠯᠵᠠᠭᠤᠷ ᠬᠠᠷᠭ᠋ᠠᠨ᠎ᠠ ᠵᠢ ᠠᠵᠤ ᠦᠢ᠍ᠯᠡᠰᠵᠢᠭᠦᠯᠦᠨ ᠠᠰᠢᠭᠯᠠᠬᠤ ᠲᠤᠷᠰᠢᠯᠲᠠ ᠵᠢᠨ ᠴᠡᠭ᠎ᠢ ᠪᠠᠶ᠋ᠢᠭᠤᠯᠬᠤ᠎ᠪᠠᠷ ᠳᠠᠮᠵᠢᠭᠤᠯᠵᠤ᠂ ᠨᠠᠶ᠋ᠢᠯᠵᠠᠭᠤᠷ ᠬᠠᠷᠭ᠋ᠠᠨ᠎ᠠ ᠵᠢᠨ ᠮᠠᠰᠢᠨ᠎ᠢ ᠰᠤᠳᠤᠯᠤᠨ ᠨᠡᠭᠡᠭᠡᠬᠦ᠂ ᠲᠠᠷᠢᠬᠤ᠂ ᠲᠡᠭᠰᠢᠯᠡᠨ ᠬᠠᠳᠠᠭ᠋ᠠᠯᠠᠬᠤ᠂ ᠪᠣᠯᠪᠠᠰᠤᠷᠠᠭᠤᠯᠬᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶ᠋ᠢᠲᠡᠯᠢᠭ ᠵᠠᠭᠪᠤᠷ᠎ᠢ ᠪᠦᠷᠢᠯᠳᠦᠭᠦᠯᠬᠦ ᠬᠡᠷᠡᠭᠲᠡᠢ᠃ ᠭᠤᠷᠪᠠ᠎ᠳᠤ ᠵᠠᠬ᠎ᠠ ᠳᠡᠯᠭᠡᠭᠦᠷ᠎ᠤᠨ ᠭᠤᠣᠯ ᠴᠣᠭᠴᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠢᠶᠠᠯᠠᠩ᠎ᠤᠨ ᠮᠠᠰᠢᠨ᠎ᠤ ᠠᠵᠤ ᠦᠢ᠍ᠯᠡᠳᠪᠦᠷᠢ ᠵᠢᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠵᠤ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠬᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠤᠳᠬᠤ ᠬᠥᠭᠵᠢᠯᠲᠡ ᠵᠢᠨ ᠵᠠᠭᠪᠤᠷ᠎ᠢ ᠢᠮᠠᠭᠲᠠ ᠪᠠᠷᠢᠮᠲᠠᠯᠠᠵᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠤᠳᠬᠤ ᠪᠠ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠣᠷᠣᠨ᠎ᠤ ᠳᠣᠲᠣᠷᠠᠬᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠣᠯᠣᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠭᠤᠣᠯ ᠴᠣᠭᠴᠠ ᠵᠢ ᠲᠡᠳᠬᠦᠵᠦ᠂ ᠮᠠᠨ᠎ᠤ ᠣᠷᠣᠨ᠎ᠤ ᠲᠠᠷᠢᠶᠠᠯᠠᠩ᠎ᠤᠨ ᠮᠠᠰᠢᠨ᠎ᠤ ᠠᠵᠤ ᠦᠢ᠍ᠯᠡᠳᠪᠦᠷᠢ ᠵᠢᠨ ᠲᠠᠰᠤᠷᠠᠯᠲᠠ ᠦᠭᠡᠢ ᠬᠥᠭᠵᠢᠨ ᠪᠤᠵᠠᠭ᠋ᠠᠶ᠋ᠢᠷᠠᠬᠤ ᠵᠢ ᠳᠠᠶ᠋ᠢᠴᠢᠯᠠᠬᠤ ᠬᠡᠷᠡᠭᠲᠡᠢ᠃ ᠳᠥᠷᠪᠡ᠎ᠳᠤ ᠡᠯ᠎ᠡ ᠠᠶ᠋ᠢᠮᠠᠭ ᠬᠤᠲᠠ᠎ᠨᠢ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠲᠠᠷᠢᠶᠠᠯᠠᠩ᠎ᠤᠨ ᠮᠠᠰᠢᠨ᠎ᠤ ᠲᠣᠨᠤᠭ ᠲᠥᠬᠦᠭᠡᠷᠦᠮᠵᠢ᠂ ᠲᠡᠵᠢᠭᠡᠯ ᠪᠣᠷᠳᠣᠭ᠋ᠠᠨ᠎ᠤ ᠦᠢ᠍ᠯᠡᠳᠬᠦᠨ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠮᠡᠷᠭᠡᠵᠢᠯ᠎ᠢ ᠬᠤᠪᠢᠶᠠᠯᠴᠠᠨ ᠡᠳ᠋ᠯᠡᠵᠦ᠂ ᠠᠶ᠋ᠢᠮᠠᠭ ᠬᠤᠲᠠ ᠵᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠦᠷᠢᠯᠡᠬᠦ ᠵᠢ ᠠᠬᠢᠭᠤᠯᠬᠤ ᠬᠡᠷᠡᠭᠲᠡᠢ ᠭᠡᠪᠡ᠃


6385509782540685075246515.png


    ᠠᠵᠢᠯᠯᠠᠭ᠋ᠠᠨ᠎ᠤ ᠬᠤᠭᠤᠴᠠᠭ᠋ᠠᠨ᠎ᠳᠤ᠂ ᠣᠷᠣᠯᠴᠠᠭᠰᠠᠳ ᠳᠠᠯᠠᠳ ᠬᠤᠰᠢᠭᠤᠨ᠎ᠳᠤ ᠡᠷᠬᠢᠯᠡᠭᠰᠡᠨ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠠᠵᠢᠯ᠎ᠤᠨ ᠦᠵᠡᠭᠦᠯᠭᠡ ᠵᠢ ᠰᠣᠨᠢᠷᠬᠠᠪᠠ᠃ ᠮᠡᠷᠭᠡᠵᠢᠯᠲᠡᠨ᠎ᠤ ᠬᠡᠮᠵᠢᠬᠦ᠎ᠪᠠᠷ ᠳᠡᠮᠵᠢᠨ᠂ ᠲᠣᠰ ᠤᠳᠠᠭ᠋ᠠᠨ᠎ᠤ ᠲᠤᠬᠠᠢ ᠵᠢᠨ ᠲᠠᠯᠠᠪᠤᠷ᠎ᠲᠤ ᠠᠵᠢᠯᠯᠠᠵᠤ ᠪᠠᠶ᠋ᠢᠭ᠎ᠠ ᠲᠤᠲᠤᠷᠭ᠎ᠠ ᠵᠢᠨ ᠭᠦᠨᠴᠡ ᠴᠥᠮ 20cm᠎ᠠᠴᠠ ᠳᠡᠭᠡᠭᠰᠢ᠎ᠳᠤ ᠬᠦᠷᠴᠦ᠂ ᠪᠣᠳᠠᠲᠠᠢ ᠠᠵᠢᠯ᠎ᠤᠨ ᠱᠠᠭ᠋ᠠᠷᠳᠠᠯᠭ᠎ᠠ ᠵᠢ ᠪᠦᠷᠢᠮᠦᠰᠦᠨ ᠬᠠᠩᠭ᠋ᠠᠭᠰᠠᠨ ᠪᠠᠶ᠋ᠢᠨ᠎ᠠ᠃ ᠡᠨᠡ᠎ᠨᠢ ᠮᠠᠨ᠎ᠤ ᠣᠷᠣᠨ᠎ᠤ ᠡᠯᠡᠰᠦᠨ ᠬᠠᠯᠬᠠᠪᠴᠢ ᠳᠡᠪᠢᠰᠬᠦ ᠮᠠᠰᠢᠨ᠎ᠤ ᠰᠤᠳᠤᠯᠤᠨ ᠨᠡᠭᠡᠭᠡᠬᠦ ᠬᠢᠷᠢ ᠬᠡᠮᠵᠢᠶ᠎ᠡ᠂ ᠦᠢ᠍ᠯᠡᠳᠪᠦᠷᠢᠯᠡᠬᠦ ᠴᠢᠳᠠᠪᠤᠷᠢ᠎ᠨᠢ ᠰᠢᠨ᠎ᠡ ᠨᠢᠭᠡᠨ ᠳᠡᠭᠲᠡᠷ᠎ᠲᠤ ᠭᠠᠷᠤᠭᠰᠠᠨ᠎ᠢ ᠬᠠᠷᠠᠭᠤᠯᠵᠤ ᠪᠠᠶ᠋ᠢᠨ᠎ᠠ᠃ ᠡᠭᠦᠨ᠎ᠤ ᠬᠠᠮᠲᠤ᠂ 30 ᠣᠷᠣᠨ᠎ᠤ ᠳᠣᠲᠣᠷᠠᠬᠢ ᠳᠠᠪᠠᠭᠤᠯᠢᠭ ᠲᠠᠷᠢᠶᠠᠯᠠᠩ᠎ᠤᠨ ᠮᠠᠰᠢᠨ᠎ᠤ ᠨᠠᠷᠠᠲᠤ ᠲᠡᠮᠳᠡᠭᠲᠦ 《ᠲᠠᠷᠢᠶᠠᠯᠠᠩ᠎ᠤᠨ ᠠᠬᠢᠭᠤᠯᠤᠭᠴᠢ》᠂ 《ᠲᠠᠷᠢᠶᠠᠯᠠᠩ᠎ᠤᠨ ᠮᠠᠰᠢᠨ᠎ᠤ ᠰᠦᠯᠵᠢᠶᠡᠨ᠎ᠤ ᠣᠳᠣᠨ》᠂ 《ᠲᠠᠷᠢᠶᠠᠯᠠᠩ᠎ᠤᠨ ᠮᠠᠰᠢᠨ᠎ᠤ ᠨᠤᠲᠤᠭ᠎ᠤᠨ ᠲᠤᠰᠬᠠᠢ ᠮᠡᠷᠭᠡᠵᠢᠯᠲᠡᠨ》᠎ᠤ ᠲᠥᠯᠥᠭᠡᠯᠡᠭᠴᠢ ᠵᠢ ᠰᠣᠩᠭᠤᠨ ᠤᠷᠢᠭᠰᠠᠨ ᠪᠥᠭᠡᠳ ᠦᠨᠡᠮᠯᠡᠯ ᠣᠯᠭᠤᠪᠠ᠃
   

6385509788210997365989829.png



    ᠲᠣᠰ ᠤᠳᠠᠭ᠋ᠠᠨ᠎ᠤ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠮᠲᠤᠷᠠᠨ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠮᠠᠰᠢᠨ᠎ᠤ ᠠᠵᠤ ᠦᠢ᠍ᠯᠡᠳᠪᠦᠷᠢ ᠵᠢᠨ ᠨᠡᠶ᠋ᠢᠭᠡᠮᠯᠢᠭ᠂ ᠲᠠᠷᠢᠶᠠᠯᠠᠩ᠎ᠤᠨ ᠮᠠᠰᠢᠨ᠎ᠤ ᠨᠡᠶ᠋ᠢᠭᠡᠮᠯᠢᠭ᠂ ᠥᠪᠥᠷ ᠮᠣᠩᠭᠤᠯ᠎ᠤᠨ ᠲᠡᠵᠢᠭᠡᠯ ᠪᠣᠷᠳᠣᠭ᠋ᠠᠨ᠎ᠤ ᠨᠡᠶ᠋ᠢᠭᠡᠮᠯᠢᠭ᠎ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠲᠤᠰᠬᠠᠢ ᠮᠡᠷᠭᠡᠵᠢᠯᠲᠡᠨ᠂ ᠡᠯ᠎ᠡ ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠢᠴᠢ ᠬᠠᠮᠢᠶ᠎ᠠ ᠪᠦᠬᠦᠢ ᠠᠵᠤ ᠠᠬᠤᠶ᠋ᠢᠯᠠᠯ ᠪᠠ ᠬᠡᠷᠡᠭᠵᠢᠭᠦᠯᠬᠦ ᠭᠤᠣᠯ ᠴᠣᠭᠴᠠ ᠵᠢᠨ ᠲᠥᠯᠥᠭᠡᠯᠡᠭᠴᠢ ᠨᠡᠶ᠋ᠢᠲᠡ 400 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠠᠢ᠃



ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠭᠢᠮ
          
ᠬᠠᠮᠢᠶ᠎ᠡ ᠪᠦᠬᠦᠢ ᠰᠣᠨᠢᠨ
2024 ᠣᠨ᠎ᠳᠤ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ
ᠥᠪᠥᠷ ᠮᠣᠩᠭᠤᠯ᠎ᠤᠨ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠲᠤ ᠲᠡᠷᠢᠭᠦᠯᠡᠪᠡ
 
             蒙ICP备05000248号