ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠯᠡᠰᠦ ᠵᠢ ᠰᠡᠷᠭᠡᠶ᠋ᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ ᠵᠢᠨ ᠠᠩᠬ᠎ᠠ ᠤᠳᠠᠭ᠋ᠠᠨ᠎ᠤ ᠮᠠᠰᠢᠨᠴᠢᠯᠠᠭᠰᠠᠨ ᠠᠵᠢᠯᠯᠠᠭ᠎ᠠ ᠵᠢᠴᠢ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ 《ᠰᠢᠷᠭᠤᠯᠵᠢ ᠵᠢᠨ ᠣᠶ》 ᠵᠢᠨ ᠰᠢᠨᠵᠢᠯᠡᠭᠡ ᠮᠡᠷᠭᠡᠵᠢᠯ ᠵᠶ᠋ᠠᠷ ᠨᠤᠭᠤᠭ᠋ᠠᠷᠠᠭᠤᠯᠤᠯᠳᠠ ᠵᠢ ᠥᠷᠭᠡᠳᠬᠡᠬᠦ ᠠᠵᠢᠯᠯᠠᠭ᠎ᠠ ᠰᠢᠯᠤᠭᠤᠨ ᠬᠥᠬᠡ ᠬᠣᠰᠢᠭᠤᠨ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-06-05

 
    ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠰᠥᠨᠥᠭᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠵᠤ᠂ ᠡᠬᠡ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠣᠷᠣᠨ ᠨᠤᠲᠤᠭ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠪᠣᠯᠤᠨ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠵᠢᠯᠣᠭᠣᠴᠢ ᠥᠬᠡᠶ ᠮᠠᠰᠢᠨ ᠵᠶ᠋ᠠᠷ ᠡᠯᠡᠰᠦ ᠵᠢ ᠵᠠᠰᠠᠬᠤ ᠲᠥᠷᠥᠯ ᠵᠦᠢ᠍ᠯ ᠵᠢᠴᠢ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ 《ᠰᠢᠷᠭᠤᠯᠵᠢ ᠵᠢᠨ ᠣᠶ》 ᠵᠢᠨ ᠰᠢᠨᠵᠢᠯᠡᠭᠡ ᠮᠡᠷᠭᠡᠵᠢᠯ ᠵᠶ᠋ᠠᠷ ᠨᠤᠭᠤᠭ᠋ᠠᠷᠠᠭᠤᠯᠤᠯᠳᠠ ᠵᠢ ᠥᠷᠭᠡᠳᠬᠡᠬᠦ ᠠᠵᠢᠯᠯᠠᠭ᠎ᠠ ᠰᠢᠯᠤᠭᠤᠨ ᠬᠥᠬᠡ ᠬᠣᠰᠢᠭᠤᠨ᠎ᠳᠤ ᠡᠬᠢᠯᠡᠪᠡ᠃ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ᠎ᠨᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠣᠭ ᠣᠯᠭᠣᠭᠰᠠᠨ ᠲᠦᠷᠦᠭᠦᠦ ᠪᠦᠯᠦᠭ᠎ᠤᠨ ᠠᠵᠢᠯᠯᠠᠬᠤ ᠠᠩᠭᠢ ᠪᠣᠯᠤᠭᠰᠠᠨ᠎ᠤ ᠬᠤᠪᠢ᠎ᠳᠤ᠂ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠡᠭᠦᠷᠭᠡᠯᠡᠯ᠎ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠵᠢᠭᠦᠯᠦᠭᠰᠡᠨ ᠣᠶ ᠰᠢᠭᠤᠶ ᠵᠢᠨ ᠲᠠᠯᠠᠪᠠᠶ᠂ ᠰᠢᠷᠭᠤᠯᠵᠢ ᠵᠢᠨ ᠣᠶ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠬᠦᠴᠦᠲᠡᠶ ᠳᠡᠮᠵᠢᠯᠭᠡ ᠳᠤᠤᠷ᠎ᠠ᠂ ᠰᠢᠨᠵᠢᠯᠡᠭᠡ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠭᠡ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ  ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠵᠤ᠂ ᠰᠢᠯᠢ ᠵᠢᠨ ᠭᠤᠤᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤᠨ᠎ᠤ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠲᠤ ᠪᠥᠬᠥ ᠣᠷᠣᠨ᠎ᠤ ᠬᠡᠪᠴᠢᠶᠡᠵᠢᠭᠦᠯᠦᠭᠰᠡᠨ᠂ ᠪᠣᠳᠠᠲᠤ ᠪᠠᠶ᠋ᠢᠯᠳᠤᠭ᠋ᠠᠨᠲᠤ ᠵᠢᠯᠣᠭᠣᠴᠢ ᠥᠬᠡᠶ ᠮᠠᠰᠢᠨ ᠵᠶ᠋ᠠᠷ ᠡᠯᠡᠰᠦᠷᠬᠡᠭᠵᠢᠯ᠎ᠢ ᠵᠠᠰᠠᠬᠤ ᠲᠥᠷᠥᠯ ᠵᠦᠢ᠍ᠯ᠎ᠢ ᠲᠦᠷᠦᠭᠦᠯᠡᠨ ᠡᠬᠢᠯᠡᠭᠦᠯᠵᠦ᠂ 2000 ᠮᠥ᠍ ᠡᠯᠡᠰᠦᠷᠬᠡᠭᠵᠢᠯ᠎ᠢ ᠵᠠᠰᠠᠬᠤ ᠡᠭᠦᠷᠭᠡ ᠵᠢ ᠪᠡᠶᠡᠯᠡᠭᠦᠯᠪᠡ᠃
   

W020240601384066731078_ORIGIN.jpg W020240601384067154465_ORIGIN.jpg

W020240601384067116737_ORIGIN.jpg W020240601384067196587_ORIGIN.jpg


    ᠡᠯᠡᠰᠦᠷᠬᠡᠭᠵᠢᠯ᠎ᠢ ᠶᠡᠷᠦᠩᠬᠡᠶ᠋ᠢᠯᠡᠨ ᠵᠠᠰᠠᠬᠤ ᠮᠠᠰᠢᠨ ᠬᠥᠮᠦᠨ᠎ᠤ ᠠᠵᠢᠯᠯᠠᠭ᠎ᠠ ᠵᠢᠴᠢ ᠬᠢᠨᠠᠨ ᠵᠢᠯᠣᠭᠣᠳᠬᠤ ᠲᠡᠷᠭᠡᠨ᠎ᠤ ᠡᠵᠡᠮᠰᠢᠯ᠎ᠤᠨ ᠵᠢᠷᠤᠭ᠃
     ᠲᠤᠬᠠᠶ ᠵᠢᠨ ᠲᠠᠯᠠᠪᠠᠶ᠎ᠳᠤ᠂ ᠪᠦᠷᠢᠨ ᠠᠦ᠋ᠲ᠋ᠣᠴᠢᠯᠠᠭᠰᠠᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠮᠠᠰᠢᠨ ᠬᠥᠮᠦᠨ᠂ ᠬᠠᠭ᠋ᠠᠰ ᠠᠦ᠋ᠲ᠋ᠣᠴᠢᠯᠠᠭᠰᠠᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠮᠠᠰᠢᠨ ᠬᠥᠮᠦᠨ ᠵᠡᠷᠭᠡ 13 ᠮᠠᠰᠢᠨ ᠲᠣᠨᠣᠭᠯᠠᠯ᠎ᠢ ᠣᠷᠣᠭᠤᠯᠵᠤ ᠵᠡᠷᠭᠡᠪᠡᠷ ᠡᠯᠡᠰᠦ ᠵᠢ ᠵᠠᠰᠠᠵᠤ ᠣᠶ᠋ᠢᠵᠢᠭᠤᠯᠬᠤ ᠠᠵᠢᠯᠯᠠᠭ᠎ᠠ ᠶᠠᠪᠤᠭᠳᠠᠭᠤᠯᠪᠠ᠃ ᠪᠦᠷᠢᠨ ᠠᠦ᠋ᠲ᠋ᠣᠴᠢᠯᠠᠭᠰᠠᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠮᠠᠰᠢᠨ ᠬᠥᠮᠦᠨ᠎ᠨᠢ ᠬᠣᠯᠪᠣᠭ᠋ᠠᠯᠠᠨ ᠡᠵᠡᠮᠳᠡᠬᠦ ᠮᠡᠷᠭᠡᠵᠢᠯ᠎ᠢ ᠬᠡᠷᠡᠭᠯᠡᠨ᠂ ᠮᠠᠰᠢᠨ ᠬᠥᠮᠦᠨ ᠨᠢᠭᠡᠪᠦᠷᠢ᠎ᠨᠢ ᠣᠶ ᠰᠢᠭᠤᠶ ᠵᠢᠨ ᠲᠠᠷᠢᠮᠠᠯ᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠴᠢᠬᠢ ᠮᠤᠳᠤ ᠠᠴᠢᠶᠠᠯᠠᠬᠤ᠂ ᠨᠦᠬᠡ ᠥᠷᠥᠮᠳᠡᠬᠦ᠂ ᠤᠰᠤᠯᠠᠬᠤ᠂ ᠵᠠᠢ᠌ᠯᠠᠬᠤ ᠵᠡᠷᠭᠡ ᠠᠦ᠋ᠲ᠋ᠣᠴᠢᠯᠠᠭᠰᠠᠨ ᠠᠵᠢᠯ᠎ᠢ ᠪᠡᠶᠡᠯᠡᠭᠦᠯᠵᠦ᠂ ᠮᠥ᠍ ᠪᠦᠷᠢ᠎ᠳᠤ 167 ᠨᠦᠬᠡ ᠮᠠᠯᠳᠠᠵᠤ᠂ ᠨᠦᠬᠡ ᠪᠦᠷᠢ᠎ᠳᠤ 1 ᠰᠠᠭᠤᠷᠢ ᠳᠠᠷᠢᠵᠤ᠂ ᠮᠠᠰᠢᠨ ᠨᠢᠭᠡᠪᠦᠷᠢ᠎ᠨᠢ ᠡᠳᠦᠷ ᠪᠦᠷᠢ 60 ᠮᠥ᠍ ᠳᠠᠷᠢᠵᠤ᠂ ᠭᠠᠵᠠᠷ᠎ᠤᠨ ᠪᠠᠶ᠋ᠢᠴᠠ᠎ᠳᠤ ᠳᠣᠭᠢᠷᠠᠬᠤ ᠨᠥᠬᠥᠴᠡᠯ ᠳᠤᠤᠷ᠎ᠠ᠂ ᠪᠦᠬᠦᠯᠢ ᠡᠳᠦᠷ ᠵᠶ᠋ᠠᠷ ᠠᠵᠢᠯᠯᠠᠬᠤ ᠵᠢ ᠪᠡᠶᠡᠯᠡᠭᠦᠯᠵᠦ᠂ ᠠᠵᠢᠯ᠎ᠤᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠦᠨ᠂ ᠠᠵᠢᠯᠯᠠᠬᠤ ᠴᠠᠭ᠎ᠢ ᠤᠷᠲᠤᠳᠬᠠᠵᠤ᠂ ᠬᠥᠮᠦᠨ᠎ᠤ ᠬᠦᠴᠦᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃

    ᠲᠠᠷᠠᠭ᠋ᠠᠴᠢ ᠵᠢᠨ ᠠᠯᠬᠤᠮ᠎ᠳᠤ᠂ ᠡᠯᠡᠰᠦ ᠵᠢ ᠰᠡᠷᠭᠡᠶ᠋ᠢᠯᠡᠨ ᠵᠠᠰᠠᠬᠤ ᠮᠠᠰᠢᠨᠴᠢᠯᠠᠭᠰᠠᠨ ᠠᠵᠢᠯᠯᠠᠬᠤ ᠠᠩᠭᠢ ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ᠎ᠪᠠᠷ ᠳᠡᠮᠵᠢᠨ ᠪᠥᠬᠥ ᠣᠷᠣᠨ᠎ᠳᠤ  ᠡᠯᠡᠰᠦ ᠵᠢ ᠰᠡᠷᠭᠡᠶ᠋ᠢᠯᠡᠨ ᠵᠠᠰᠠᠬᠤ ᠮᠠᠰᠢᠨᠴᠢᠯᠠᠭᠰᠠᠨ ᠠᠵᠢᠯᠯᠠᠭ᠋ᠠᠨ᠎ᠤ ᠲᠤᠰᠬᠠᠶ᠋ᠢᠵᠢᠭᠰᠠᠨ ᠦᠢ᠍ᠯᠡᠴᠢᠯᠡᠬᠡ ᠬᠠᠩᠭ᠋ᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ ᠢᠯᠠᠯᠲᠠ ᠤᠯᠬᠤ ᠵᠢ ᠠᠬᠢᠭᠤᠯᠬᠤ ᠪᠣᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠠᠮ ᠱᠤᠭᠤᠮ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠴᠢᠭ᠎ᠤᠨ ᠡᠬᠢᠯᠡᠯᠲᠡ ᠵᠢᠨ ᠬᠤᠷᠠᠯ ᠬᠢᠪᠠ
ᠯᠢᠶᠠᠩᠴᠧᠩ ᠰᠢᠶᠠᠨ᠎ᠤ ᠳᠠᠭ᠎ᠠ ᠵᠢᠨ ᠨᠠᠭᠤᠷ᠎ᠤᠨ ᠠᠮᠢ ᠠᠬᠤᠶ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠤᠰᠤ ᠨᠥᠬᠦᠪᠥᠷᠢᠯᠡᠬᠦ ᠢᠨᠵᠧᠨᠧᠷᠢᠩ 2024 ᠣᠨ᠎ᠤ ᠤᠰᠤ ᠨᠥᠬᠦᠪᠥᠷᠢᠯᠡᠬᠦ ᠤᠯᠠᠷᠢᠯ᠎ᠢ ᠵᠢᠩᠬᠢᠨᠢ᠎ᠪᠠᠷ ᠡᠬᠢᠯᠡᠭᠦᠯᠪᠡ
ᠮᠠᠨ᠎ᠤ ᠤᠷᠤᠨ 《ᠤᠮᠠᠷᠠᠲᠤ ᠵᠢᠨ ᠭᠤᠷᠪᠠᠨ ᠤᠷᠤᠨ》᠎ᠤ ᠨᠤᠭᠤᠭ᠋ᠠᠷᠠᠭᠤᠯᠤᠯᠳᠠ ᠵᠢ ᠠᠬᠢᠭᠤᠯᠵᠤ ᠪᠤᠢ᠃
ᠥᠪᠡᠷᠲᠡᠭᠡᠨ ᠵᠠᠰᠠᠬᠤ ᠣᠷᠣᠨ᠎ᠤ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠰᠡᠨ ᠣᠢ ᠰᠢᠭᠤᠶ ᠵᠢᠨ ᠲᠠᠯᠠᠪᠠᠢ ᠪᠣᠯᠤᠨ ᠬᠡᠰᠢᠭᠲᠡᠨ ᠬᠣᠰᠢᠭᠤᠨ᠎ᠤ ᠬᠤᠪᠢᠶᠠᠷᠢ ᠲᠠᠯᠠᠪᠠᠢ ᠠᠯᠪᠠᠨ ᠵᠢᠷᠤᠮ᠎ᠤᠨ ᠮᠣᠳᠣ ᠲᠠᠷᠢᠬᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠶᠠᠪᠤᠭᠳᠠᠭᠤᠯᠪᠠ
 
             蒙ICP备05000248号