5 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠠᠮ ᠱᠤᠭᠤᠮ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠪᠥᠬᠥ ᠤᠯᠤᠰ᠎ᠤᠨ 2023 ᠣᠨ᠎ᠤ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠨ ᠣᠶ ᠰᠢᠭᠤᠶ ᠵᠢᠨ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠰᠢᠰᠲ᠋ᠧᠮ᠎ᠢ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠢ ᠠᠬᠢᠭᠤᠯᠬᠤ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠭᠠᠯ᠎ᠢ ᠰᠡᠷᠭᠡᠶ᠋ᠢᠯᠡᠬᠦ ᠵᠠᠮ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠡᠭᠦᠷᠭᠡ ᠵᠢ ᠪᠠᠶ᠋ᠢᠷᠢᠯᠠᠭᠤᠯᠵᠤ᠂ ᠣᠷᠣᠰᠢᠵᠤ ᠪᠠᠶ᠋ᠢᠭ᠎ᠠ ᠠᠰᠠᠭᠤᠳᠠᠯ᠂ ᠬᠦᠴᠢᠷᠳᠡᠯ᠎ᠳᠤ ᠴᠢᠭᠯᠡᠭᠦᠯᠦᠨ᠂ ᠡᠯ᠎ᠡ ᠬᠣᠯᠪᠣᠭᠳᠠᠯ ᠪᠥᠬᠥᠶ ᠭᠠᠵᠠᠷ ᠲᠠᠰᠤᠭ᠎ᠲᠤ ᠲᠤᠬᠠᠶ ᠵᠢᠨ ᠲᠠᠯᠠᠪᠠᠶ ᠵᠢᠨ ᠵᠢᠯᠣᠭᠣᠳᠣᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ ᠬᠤᠷᠠᠯ᠎ᠢ ᠡᠷᠭᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠲᠢᠶᠸ ᠨᠢᠤ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠨ ᠣᠶ ᠰᠢᠭᠤᠶ ᠵᠢᠨ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠰᠢᠰᠲ᠋ᠧᠮ᠎ᠢ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠤᠨ ᠵᠢᠯᠣᠭᠣᠳᠬᠤ ᠳᠤᠭᠤᠶ᠋ᠢᠯᠠᠩ᠎ᠤᠨ ᠡᠯ᠎ᠡ ᠪᠦᠷᠢᠯᠳᠦᠬᠦᠨ ᠨᠢᠭᠡᠴᠡ ᠵᠢᠨ ᠭᠤᠤᠯ ᠬᠠᠷᠢᠭᠤᠴᠠᠯᠭ᠋ᠠᠲᠠᠨ ᠨᠥᠬᠥᠳ ᠵᠢᠴᠢ ᠬᠥᠯᠥᠨ ᠪᠣᠶ᠋ᠢᠷ ᠬᠣᠲᠠ᠂ ᠤᠯᠠᠭ᠋ᠠᠨᠴᠠᠪ ᠬᠣᠲᠠ᠂ ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠣᠯᠪᠣᠭᠳᠠᠯ ᠪᠥᠬᠥᠶ ᠬᠥᠮᠦᠰ ᠬᠤᠷᠠᠯ᠎ᠳᠤ ᠣᠷᠣᠯᠴᠠᠵᠠᠶ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠠᠶ᠋ᠢᠮᠠᠭ ᠬᠣᠲᠠ ᠪᠣᠯᠤᠨ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠤᠯᠤᠰ᠎ᠤᠨ ᠵᠢᠭᠡᠯᠡᠯᠭᠡ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠨ ᠠᠳᠬᠤᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠪᠥᠬᠥ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠬᠡᠷᠡᠭᠵᠢᠭᠦᠯᠦᠯᠲᠡ ᠵᠢ ᠠᠬᠢᠭᠤᠯᠵᠤ᠂ 6 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠥᠬᠥ ᠲᠠᠯ᠎ᠠ᠎ᠪᠠᠷ ᠠᠵᠢᠯ ᠡᠬᠢᠯᠡᠬᠦ ᠵᠢ ᠪᠠᠲᠤᠯᠠᠬᠤ ᠬᠡᠷᠡᠭᠲᠡᠶ ᠭᠡᠪᠡ᠃ ᠵᠠᠩᠭᠢᠯᠠᠭ᠎ᠠ ᠵᠢᠨ ᠴᠢᠭ᠎ᠢ ᠡᠵᠡᠮᠳᠡᠨ᠂ ᠲᠦᠯᠦᠪᠯᠡᠨ ᠠᠵᠢᠯᠯᠠᠵᠤ᠂ ᠲᠥᠷᠥᠯ ᠵᠦᠢ᠍ᠯ᠎ᠢ ᠬᠡᠷᠡᠭᠵᠢᠭᠦᠯᠬᠦ ᠠᠬᠢᠴᠠ ᠵᠢ ᠬᠦᠴᠦᠲᠡᠶ ᠠᠳᠬᠤᠨ᠂ ᠲᠣᠭᠲᠠᠭ᠋ᠠᠯ᠎ᠠᠴᠠ ᠵᠥᠷᠢᠴᠡᠨ ᠭᠠᠵᠠᠷ ᠬᠡᠷᠡᠭᠯᠡᠬᠦ᠂ ᠣᠶ ᠰᠢᠭᠤᠶ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠲᠦᠷ ᠴᠠᠭ ᠡᠵᠡᠯᠡᠨ ᠬᠡᠷᠡᠭᠯᠡᠬᠦ᠂ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ᠂ ᠰᠠᠬᠢᠯᠭ᠎ᠠ ᠪᠠᠲᠤ ᠶᠣᠰᠣ ᠳᠦᠷᠢᠮ᠂ ᠭᠠᠯ ᠰᠡᠷᠭᠡᠶ᠋ᠢᠯᠡᠬᠦ ᠪᠠ ᠠᠶᠤᠯ ᠦᠭᠡᠶ ᠦᠢ᠍ᠯᠡᠳᠪᠦᠷᠢᠯᠡᠯ ᠵᠡᠷᠭᠡ ᠵᠢᠷᠭᠤᠭ᠋ᠠᠨ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠎ᠠ ᠠᠳᠬᠤᠵᠤ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠷᠲᠡᠬᠡᠨ ᠠᠵᠢᠯ ᠡᠬᠢᠯᠡᠭᠦᠯᠬᠦ ᠵᠢ ᠦᠨᠡᠨᠬᠦ ᠪᠠᠲᠤᠯᠠᠨ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠬᠡᠬᠦ ᠬᠡᠷᠡᠭᠲᠡᠶ᠃
ᠬᠤᠷᠠᠯ᠎ᠠᠴᠠ ᠱᠠᠭ᠋ᠠᠷᠳᠠᠭᠰᠠᠨ᠎ᠨᠢ᠂ ᠲᠥᠷᠥᠯ ᠵᠦᠢ᠍ᠯ᠎ᠢ ᠬᠢᠨᠠᠨ ᠬᠠᠮᠢᠶᠠᠷᠬᠤ ᠨᠢᠭᠡᠴᠡ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠋ᠠᠲᠠᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠲᠥᠷᠥᠯ ᠵᠦᠢ᠍ᠯ᠎ᠢ ᠬᠡᠷᠡᠭᠵᠢᠭᠦᠯᠬᠦ᠂ ᠪᠠᠯᠠ ᠮᠥᠩᠭᠥ ᠵᠢ ᠬᠢᠨᠠᠨ ᠬᠠᠮᠢᠶᠠᠷᠬᠤ ᠠᠵᠢᠯ᠎ᠢ ᠰᠠᠶ᠋ᠢᠲᠤᠷ ᠬᠢᠬᠦ᠎ᠪᠠᠷ ᠪᠠᠷᠠᠬᠤ ᠥᠬᠡᠶ ᠪᠠᠰᠠ ᠲᠥᠷᠥᠯ ᠵᠦᠢ᠍ᠯ᠎ᠤᠨ ᠠᠷᠢᠭᠤᠨ ᠴᠢᠬᠡᠴᠢ ᠬᠢᠨᠠᠯᠲᠠ ᠬᠠᠮᠢᠶᠠᠷᠤᠯᠲᠠ ᠵᠢ ᠰᠠᠶ᠋ᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠠᠮ ᠱᠤᠭᠤᠮ᠎ᠤᠨ ᠪᠦᠲᠦᠭᠡᠨ ᠪᠠᠢ᠌ᠭᠤᠯᠤᠯᠳᠠ ᠵᠢᠨ ᠲᠥᠷᠥᠯ ᠵᠦᠢ᠍ᠯ᠎ᠢ ᠦᠨᠡᠨ ᠬᠦ᠌ ᠠᠷᠠᠳ᠎ᠤᠨ ᠰᠡᠳᠬᠢᠯ᠎ᠤᠨ ᠢᠨᠵᠧᠨᠧᠷᠢᠩ᠂ ᠴᠢᠨᠠᠷ ᠰᠠᠶ᠋ᠢᠲᠠᠶ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠪᠣᠯᠭ᠋ᠠᠨ ᠪᠥᠲᠥᠭᠡᠨ ᠪᠠᠶ᠋ᠢᠭᠤᠯᠬᠤ ᠬᠡᠷᠡᠭᠲᠡᠶ᠃ ᠡᠭᠦᠨ᠎ᠤ ᠬᠠᠮᠲᠤ᠂ ᠲᠥᠷᠥᠯ ᠵᠦᠢ᠍ᠯ᠎ᠤᠨ ᠬᠢᠨᠠᠨ ᠵᠢᠯᠣᠭᠣᠳᠬᠤ ᠳᠤᠭᠤᠶ᠋ᠢᠯᠠᠩ᠎ᠤᠨ ᠡᠯ᠎ᠡ ᠬᠠᠮᠢᠶ᠎ᠠ ᠪᠦᠬᠦᠢ ᠨᠢᠭᠡᠴᠡ ᠵᠢᠭ᠋ᠠᠨ ᠵᠢᠯᠣᠭᠣᠳᠬᠤ ᠪᠠ ᠲᠣᠬᠢᠷᠠᠭᠤᠯᠬᠤ᠎ᠪᠠᠨ ᠴᠢᠩᠭ᠋ᠠᠳᠬᠠᠵᠤ᠂ ᠲᠥᠷᠥᠯ ᠵᠦᠢ᠍ᠯ᠎ᠢ ᠬᠡᠷᠡᠭᠵᠢᠭᠦᠯᠵᠦ ᠪᠠᠶ᠋ᠢᠭ᠎ᠠ ᠠᠬᠢᠴᠠ ᠪᠠ ᠪᠡᠯᠡ ᠮᠥᠩᠭᠥ ᠥᠭᠴᠦ ᠪᠠᠶ᠋ᠢᠭ᠎ᠠ ᠵᠡᠷᠭᠡ ᠪᠠᠶ᠋ᠢᠳᠠᠯ᠎ᠢ ᠪᠦᠬᠦ ᠲᠠᠯ᠎ᠠ᠎ᠪᠠᠷ ᠡᠵᠡᠮᠰᠢᠬᠦ ᠵᠢ ᠦᠨᠡᠨᠬᠦ ᠪᠠᠲᠤᠯᠠᠵᠤ᠂ ᠲᠥᠷᠥᠯ ᠵᠦᠢ᠍ᠯ᠎ᠢ ᠤᠯᠤᠰ᠎ᠤᠨ ᠱᠠᠭ᠋ᠠᠷᠳᠠᠭᠰᠠᠨ ᠴᠠᠭ ᠬᠤᠭᠤᠴᠠᠭ᠋ᠠᠨ ᠳᠣᠲᠣᠷ᠎ᠠ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃