5 ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠥᠬᠥ ᠣᠷᠣᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠴᠢᠭ᠎ᠤᠨ ᠡᠬᠢᠯᠡᠯᠲᠡ ᠵᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠲᠢᠶᠸ ᠨᠢᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠸᠠᠩ ᠲᠤᠤ ᠬᠤᠷᠠᠯ᠎ᠳᠤ ᠣᠷᠣᠯᠴᠠᠭᠰᠠᠨ ᠪᠥᠭᠡᠳ ᠤᠯᠤᠰ᠎ᠤᠨ ᠤᠳᠤᠷᠢᠳᠤᠯᠭ᠎ᠠ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠪᠠ᠃
ᠬᠤᠷᠠᠯ᠎ᠠᠴᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠶ᠋ᠢᠳ ᠸᠠᠩ ᠭᠤᠸᠠᠩ ᠬᠤᠸᠠ ᠪᠣᠯᠤᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠠᠷᠤᠭ᠎ᠠ ᠭᠤᠸᠠᠨ ᡁᠢ ᠡᠸᠦ ᠵᠢᠨ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠡᠬᠢᠯᠡᠯᠲᠡ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠴᠦᠯᠯᠡᠷᠭᠡᠭᠵᠢᠯ᠎ᠢ ᠨᠡᠶ᠋ᠢᠳᠡᠮ ᠪᠠᠶ᠋ᠢᠴᠠᠭ᠋ᠠᠬᠤ ᠲᠤᠷᠰᠢᠯᠲᠠ ᠵᠢᠨ ᠴᠢᠭ᠎ᠤᠨ ᠲᠥᠰᠦᠯ》᠎ᠢ ᠤᠩᠰᠢᠨ ᠨᠡᠶ᠋ᠢᠲᠡᠯᠡᠵᠦ᠂ ᠲᠤᠷᠰᠢᠯᠲᠠ ᠵᠢᠨ ᠨᠢᠭᠡᠴᠡ ᠵᠢᠨ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠴᠤᠪᠤᠷᠠᠯ᠎ᠳᠤ ᠲᠠᠶ᠋ᠢᠯᠤᠮᠵᠢ ᠬᠢᠵᠦ᠂ ᠬᠠᠮᠢᠶ᠎ᠠ ᠪᠥᠬᠥᠶ ᠠᠵᠢᠯ᠎ᠤᠨ ᠲᠣᠬᠢᠷᠠᠭᠤᠯᠤᠯᠲᠠ ᠬᠢᠪᠠ᠃ ᠡᠯ᠎ᠡ ᠲᠤᠷᠰᠢᠯᠲᠠ ᠵᠢᠨ ᠬᠣᠰᠢᠭᠤ ᠰᠢᠶᠠᠨ (ᠨᠢᠭᠡᠴᠡ) ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠣᠭᠣᠷᠢᠨ᠎ᠳᠤ ᠣᠪᠣᠷ ᠵᠶ᠋ᠠᠨ ᠢᠯᠡᠳᠬᠡᠬᠦ ᠦᠭᠡ ᠬᠡᠯᠡᠪᠡ᠃
ᠬᠤᠷᠠᠯ᠎ᠠᠴᠠ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠴᠢᠭ᠎ᠤᠨ ᠠᠵᠢᠯ᠎ᠢ ᠥᠷᠨᠢᠭᠦᠯᠬᠦ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠤᠢ ᠰᠢᠭᠤᠢ ᠨᠤᠲᠤᠭ ᠪᠡᠯᠴᠢᠭᠡᠷ ᠴᠢᠭᠢᠭᠯᠢᠭ ᠭᠠᠵᠠᠷ᠎ᠤᠨ ᠪᠠᠶ᠋ᠢᠴᠠᠭ᠋ᠠᠯᠲᠠ ᠬᠢᠨᠠᠨ ᠬᠡᠮᠵᠢᠯᠲᠡ ᠵᠢᠨ ᠤᠷᠭᠤᠮᠠᠯ᠎ᠤᠨ ᠪᠦᠷᠬᠦᠴᠡ ᠵᠢᠨ ᠲᠦᠷᠦᠯ ᠬᠡᠯᠪᠡᠷᠢ ᠪᠣᠯᠤᠨ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢᠨ ᠭᠠᠵᠠᠷ᠎ᠤᠨ ᠲᠦᠷᠦᠯ ᠵᠦᠢ᠍ᠯ ᠨᠢᠭᠡᠳᠦᠯ ᠦᠭᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠵᠢ ᠨᠢᠭᠡ ᠵᠦᠢ᠍ᠯ᠎ᠤᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠨᠢᠭᠡᠳᠦᠯ ᠦᠭᠡᠢ ᠵᠢᠷᠤᠭ ᠳᠦᠷᠰᠦ ᠵᠢ ᠬᠠᠮᠲᠤ᠎ᠪᠠᠷ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠬᠤ ᠠᠵᠢᠯ᠎ᠢ ᠣᠨᠣᠴᠠᠲᠠᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠠᠵᠢᠯ᠎ᠢ ᠪᠣᠳᠠᠲᠠᠢ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ 《ᠨᠢᠭᠡᠳᠦᠯᠲᠡᠢ᠂ ᠲᠠᠷᠠᠬᠠᠢ᠂ ᠨᠢᠭᠡᠳᠦᠯᠲᠡᠢ》 ᠠᠵᠢᠯ᠎ᠤᠨ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠠᠮᠲᠤ᠎ᠪᠠᠷ ᠰᠡᠳᠦᠪ ᠬᠠᠷᠢᠭᠤᠯᠬᠤ᠂ ᠥᠨᠳᠥᠷ ᠪᠦᠲᠦᠮᠵᠢᠲᠡᠢ᠎ᠪᠠᠷ ᠬᠠᠮᠵᠢᠯᠴᠠᠬᠤ᠂ ᠨᠢᠭᠲᠠ ᠬᠠᠮᠵᠢᠯᠴᠠᠬᠤ ᠨᠢᠭᠡ ᠴᠤᠬ᠍ᠴᠠᠵᠢᠭᠤᠯᠤᠬᠰᠠᠨ ᠠᠵᠢᠯ᠎ᠤᠨ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠬᠠᠮᠲᠤ᠎ᠪᠠᠷ 《ᠨᠢᠭᠡ ᠢᠵᠢ ᠲᠣᠭ᠎ᠠ》᠂ 《ᠨᠢᠭᠡ ᠬᠠᠭᠤᠳᠠᠰᠤ ᠵᠢᠷᠤᠭ》 ᠭᠠᠷᠭ᠋ᠠᠬᠤ ᠵᠢ ᠦᠨᠡᠨ ᠬᠦ᠌ ᠪᠠᠲᠤᠯᠠᠵᠤ᠂ ᠵᠢᠱ᠌ᠢᠭᠰᠡᠨ ᠲᠤᠷᠰᠢᠯᠲᠠ ᠵᠢᠨ ᠬᠠᠷᠠᠯᠲᠠ᠎ᠳᠤ ᠬᠦᠷᠴᠦ᠂ ᠲᠤᠷᠰᠢᠯᠲᠠ ᠵᠢᠨ ᠲᠤᠷᠰᠢᠯᠭ᠎ᠠ ᠵᠢ ᠳ᠋ᠦᠩᠨᠡᠵᠦ ᠪᠦᠬᠦ ᠣᠷᠣᠨ᠎ᠳᠤ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠮᠡᠷᠭᠡᠵᠢᠯ᠎ᠤᠨ ᠲᠤᠯᠭ᠋ᠠᠭᠤᠷᠢᠯᠠᠬᠤ ᠨᠢᠭᠡᠴᠡ᠎ᠨᠦᠭᠦᠳ ᠣᠷᠣᠨ ᠬᠡᠰᠡᠭ ᠬᠤᠪᠢᠶᠠᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠠᠵᠢᠯ᠎ᠤᠨ ᠶᠠᠰᠤ ᠴᠢᠨᠠᠷ᠎ᠤᠨ ᠪᠣᠭᠣᠮᠲᠠ ᠵᠢ ᠰᠠᠶ᠋ᠢᠲᠤᠷ ᠰᠠᠬᠢᠵᠤ᠂ ᠮᠡᠷᠭᠡᠵᠢᠯ᠎ᠤᠨ ᠪᠣᠯᠪᠠᠰᠤᠷᠠᠭᠤᠯᠤᠯ᠎ᠢ ᠰᠠᠶ᠋ᠢᠲᠤᠷ ᠬᠢᠵᠦ᠂ ᠪᠦᠬᠦ ᠶᠠᠪᠤᠴᠠ᠎ᠳᠤ ᠮᠥᠷᠳᠡᠨ ᠵᠢᠯᠣᠭᠣᠳᠴᠤ᠂ ᠲᠤᠷᠰᠢᠯᠲᠠ ᠵᠢᠨ ᠠᠵᠢᠯ᠎ᠤᠨ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ᠂ ᠮᠡᠷᠭᠡᠵᠢᠯ᠎ᠤᠨ ᠲᠤᠯᠭ᠋ᠠᠭᠤᠷᠢᠯᠠᠯ᠎ᠤᠨ ᠨᠢᠭᠡᠴᠡ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠮᠡᠷᠭᠡᠵᠢᠯ᠎ᠤᠨ ᠭᠤᠤᠯᠯᠠᠭᠴᠢ ᠨᠥᠬᠥᠳ᠂ ᠡᠯ᠎ᠡ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠴᠤ ᠪᠠᠶ᠋ᠢᠭ᠎ᠠ ᠨᠥᠬᠥᠳ᠂ ᠲᠤᠬᠠᠶ᠋ᠢᠯᠠᠭᠰᠠᠨ ᠠᠵᠢᠯ᠎ᠤᠨ ᠰᠠᠯᠠᠭ᠋ᠠᠨ ᠳᠠᠷᠤᠭ᠎ᠠ᠂ ᠡᠯ᠎ᠡ ᠲᠤᠷᠰᠢᠯᠲᠠ ᠵᠢᠨ ᠴᠢᠭ᠎ᠤᠨ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠨᠥᠬᠥᠳ᠂ ᠣᠶ ᠰᠢᠭᠤᠶ ᠨᠤᠲᠤᠭ ᠪᠡᠯᠴᠢᠭᠡᠷ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠥᠳ᠂ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠠᠯᠢ ᠭᠤᠤᠯ᠎ᠤᠨ ᠠᠵᠤ ᠦᠢ᠍ᠯᠡᠳᠪᠦᠷᠢ ᠵᠢᠨ ᠺᠣᠮᠫᠠᠨᠢ ᠵᠢᠨ ᠭᠤᠤᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃