ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠳᠤ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-07-01



W020240627346246267847.jpg


   6 ᠰᠠᠷ᠎ᠠ ᠵᠢᠨ 28᠎ᠤ ᠡᠳᠦᠷ᠂ 《ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠵᠤ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ 2024 ᠣᠨ᠎ᠤ ᠪᠥᠬᠥ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠬᠤᠪᠢᠶᠠᠷᠢ ᠬᠤᠷᠠᠯ᠎ᠤᠨ ᠲᠠᠯᠠᠪᠠᠶ ᠵᠢᠴᠢ 2024 ᠣᠨ᠎ᠤ ᠪᠥᠬᠥ ᠣᠷᠣᠨ᠎ᠤ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠲᠤᠬᠠᠶ ᠵᠢᠨ ᠲᠠᠯᠠᠪᠠᠶ ᠵᠢᠨ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃ ᠡᠭᠦᠨ᠎ᠤ ᠵᠣᠷᠢᠯᠭ᠎ᠠ᠎ᠨᠢ ᠤᠬᠠᠭᠤᠯᠭ᠎ᠠ᠎ᠪᠠᠷ ᠳᠠᠮᠵᠢᠭᠤᠯᠤᠨ᠂ ᠠᠷᠠᠳ ᠢᠷᠭᠡᠳ᠎ᠤᠨ ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠡᠪᠡᠰᠦ ᠮᠤᠳᠤ ᠵᠢ ᠬᠠᠮᠠᠭ᠋ᠠᠯᠠᠬᠤ᠂ ᠡᠪᠡᠰᠦ ᠲᠠᠷᠢᠬᠤ ᠰᠠᠶ᠋ᠢᠨ ᠰᠠᠶ᠋ᠢᠬᠠᠨ ᠣᠷᠴᠢᠨ ᠠᠬᠤᠶ ᠵᠢ ᠪᠣᠶ ᠪᠣᠯᠭ᠋ᠠᠬᠤ ᠶᠠᠪᠤᠳᠠᠯ ᠪᠣᠯᠤᠨ᠎ᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠰᠠᠭᠤᠭ᠎ᠠ ᠲᠤᠰᠬᠠᠶ ᠲᠤᠰᠢᠶᠠᠯᠲᠠᠨ᠎ᠤ ᠠᠯᠪᠠᠨ ᠬᠡᠷ᠎ᠤᠨ ᠳᠡᠳ᠋ ᠲᠤᠰᠬᠠᠶ ᠲᠤᠰᠢᠶᠠᠯᠲᠠᠨ ᠶᠠᠩ ᠴᠦᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠱᠦᠵᠢ ᠰᠠᠷᠠᠭᠤᠯ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠮᠠ ᠪᠢᠩ ᠴᠢᠤᠸᠠᠨ ᠠᠵᠢᠯᠯᠠᠭ᠎ᠠ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃


W020240628607105374700.jpg






ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ
ᠥᠪᠥᠷ ᠮᠣᠩᠭᠤᠯ᠎ᠤᠨ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠲᠤ ᠲᠡᠷᠢᠭᠦᠯᠡᠪᠡ
 
             蒙ICP备05000248号