ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠸᠩ ᠠᠯᠠᠱ᠌ᠠ ᠠᠶ᠋ᠢᠮᠠᠭ᠎ᠲᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-03-21


    3 ᠰᠠᠷ᠎ᠠ ᠵᠢᠨ 17᠎ᠤ ᠡᠳᠦᠷ᠎ᠠᠴᠠ 19᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠠᠯᠠᠱ᠌ᠠ ᠵᠡᠭᠦᠨ ᠬᠣᠰᠢᠭᠤ ᠪᠣᠯᠤᠨ ᠠᠯᠠᠱ᠌ᠠ ᠪᠠᠷᠠᠭᠤᠨ ᠬᠣᠰᠢᠭᠤᠨ᠎ᠳᠤ ᠬᠦᠷᠴᠦ᠂ ᠤᠯᠠᠭ᠋ᠠᠨᠪᠤᠬ᠎ᠠ ᠵᠢᠨ ᠡᠯᠡᠰᠦ᠂ ᠪᠠᠳᠠᠶ ᠵᠢᠨ ᠵᠢᠷᠠᠨ᠎ᠤ ᠡᠯᠡᠰᠦ ᠪᠣᠯᠤᠨ ᠲᠩᠷᠢ ᠡᠯᠡᠰᠦᠨ᠎ᠳᠤ ᠭᠦᠨᠵᠡᠭᠡᠶ᠋ᠢᠷᠡᠨ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠤᠨ ᠲᠣᠭᠣᠷᠢᠨ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃


W020250320348009441352.jpg



   3 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠤᠯᠠᠭ᠋ᠠᠨᠪᠤᠬ᠎ᠠ ᠡᠯᠡᠰᠦᠨ ᠴᠥᠯ᠎ᠤᠨ ᠬᠥᠪᠡᠭᠡ ᠵᠢ ᠪᠢᠲᠡᠭᠦᠮᠵᠢᠯᠡᠬᠦ ᠲᠥᠷᠥᠯ ᠵᠦᠢ᠍ᠯ᠎ᠤᠨ ᠭᠠᠵᠠᠷ᠎ᠲᠤ ᠬᠦᠷᠴᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃ 



W020250320348009461600.jpg



   3 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠸᠩ ᠪᠠᠳᠠᠢ ᠵᠢᠨ ᠵᠢᠷᠠᠨ ᠡᠯᠡᠰᠦᠨ᠎ᠤ ᠵᠡᠭᠦᠨ ᠡᠮᠦᠨ᠎ᠡ ᠵᠠᠬ᠎ᠠ ᠪᠣᠯᠤᠨ ᠲᠩᠷᠢ ᠡᠯᠡᠰᠦᠨ᠎ᠤ ᠠᠭᠤᠯᠵᠠᠷ᠎ᠤᠨ ᠤᠢ ᠰᠢᠭᠤᠢ ᠨᠤᠲᠤᠭ ᠪᠡᠯᠴᠢᠭᠡᠷ᠎ᠤᠨ ᠤᠷᠤᠨ ᠪᠦᠰᠡ ᠵᠢᠨ ᠲᠤᠬᠠᠢ ᠵᠢᠨ ᠲᠠᠯᠠᠪᠠᠢ ᠵᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃ 



W020250320348009470055.jpg



   3 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠮᠸᠩ ᠨᠸᠩ 100 ᠲᠦᠮᠡᠨ ᠬᠢᠯᠦᠸᠠᠲ᠎ᠤᠨ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠲᠥᠷᠥᠯ ᠵᠦᠢ᠍ᠯ᠎ᠳᠤ ᠲᠥᠷᠥᠯ ᠵᠦᠢ᠍ᠯ᠎ᠤᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠵᠡᠷᠭᠡ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠣᠶ᠋ᠢᠯᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃ 



W020250320348009470055.jpg


   3 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠸᠩ ᠳᠤᠮᠳᠠᠳᠤ ᠤᠯᠤᠰ᠎ᠤᠨ ᠬᠤᠸᠠ ᠳ᠋ᠢᠶᠠᠨ ᠱᠠ ᠭᠧ ᠬᠤᠸᠠᠩ ᠰᠢᠨ᠎ᠡ ᠡᠨᠧᠷᠭᠢ ᠵᠢ ᠭᠠᠳᠠᠭᠰᠢ ᠬᠦᠷᠭᠡᠬᠦ ᠲᠣᠮᠣ ᠰᠠᠭᠤᠷᠢᠨ᠎ᠤ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ᠎ᠳᠤ ᠬᠦᠷᠴᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃
  

    ᠭᠤᠷᠪᠠᠨ ᠶᠡᠬᠡ ᠡᠯᠡᠰᠦᠨ ᠴᠥᠯ᠎ᠤᠨ ᠬᠥᠪᠡᠭᠡ ᠵᠢ ᠪᠢᠲᠡᠭᠦᠮᠵᠢᠯᠡᠬᠦ ᠣᠶ ᠰᠢᠭᠤᠶ ᠨᠤᠲᠤᠭ ᠪᠡᠯᠴᠢᠭᠡᠷ᠎ᠤᠨ ᠪᠦᠰᠡ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠵᠢᠨ ᠲᠠᠯᠠᠪᠠᠶ᠎ᠳᠤ ᠬᠦᠷᠬᠦ᠎ᠳᠤ᠂ ᠵᠢᠭᠳᠡ ᠮᠥᠷ ᠵᠶ᠋ᠠᠷ ᠵᠢᠭᠰᠠᠭᠰᠠᠨ ᠡᠪᠡᠰᠦᠨ ᠰᠤᠷ᠎ᠨᠢ ᠨᠢᠳᠦᠨ᠎ᠳᠤ ᠲᠣᠳᠣᠷᠠᠵᠤ᠂ ᠡᠯᠡᠰᠦᠷᠬᠡᠭᠵᠢᠯ᠎ᠢ ᠵᠠᠰᠠᠬᠤ ᠠᠵᠢᠯᠴᠢᠨ ᠪᠣᠯᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠡᠯ᠎ᠡ ᠲᠥᠷᠥᠯ᠎ᠤᠨ ᠮᠠᠰᠢᠨ ᠲᠥᠬᠥᠭᠡᠷᠦᠮᠵᠢ ᠶᠠᠭ᠋ᠠᠷᠠᠯᠲᠠᠶ ᠠᠵᠢᠯᠯᠠᠵᠤ᠂ ᠠᠶ᠋ᠢᠮᠠᠭ ᠬᠣᠰᠢᠭᠤ ᠬᠣᠶᠠᠷ ᠱᠠᠲᠤᠨ᠎ᠤ ᠪᠠᠶ᠋ᠢᠭᠤᠯᠭ᠎ᠠ ᠪᠣᠯᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠺᠠᠳ᠋ᠷ ᠠᠵᠢᠯᠲᠠᠨ ᠥᠪᠡᠷ ᠥᠪᠡᠷ᠎ᠤᠨ ᠠᠯᠪᠠᠨ ᠵᠢᠷᠤᠮ᠎ᠤᠨ ᠡᠯᠡᠰᠦᠷᠬᠡᠭᠵᠢᠯ᠎ᠢ ᠵᠠᠰᠠᠬᠤ ᠬᠠᠷᠢᠭᠤᠴᠠᠯᠭ᠎ᠠ ᠵᠢᠨ ᠣᠷᠣᠨ᠎ᠳᠤ ᠬᠥᠷ ᠬᠥᠭᠵᠢᠶᠡᠨ᠎ᠲᠠᠢ ᠠᠵᠢᠯᠯᠠᠵᠤ ᠪᠠᠶ᠋ᠢᠯ᠎ᠠ᠃ ᠰᠦᠨ ᠱᠤᠤ ᠴᠸᠩ ᠡᠯᠡᠰᠦᠨ ᠬᠠᠯᠬᠠᠪᠴᠢ ᠳᠡᠪᠢᠰᠦᠭᠰᠡᠨ ᠪᠠᠶ᠋ᠢᠳᠠᠯ ᠪᠣᠯᠤᠨ ᠡᠮᠦᠨ᠎ᠡ᠎ᠨᠢ ᠳᠠᠷᠢᠵᠤ ᠪᠠᠶ᠋ᠢᠭᠰᠠᠨ ᠤᠷᠭᠤᠮᠠᠯ᠎ᠤᠨ ᠬᠤᠴᠢᠯᠭ᠎ᠠ ᠵᠢᠨ ᠤᠷᠭᠤᠴᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠨ ᠦᠵᠡᠵᠦ᠂ ᠲᠤᠬᠠᠢ ᠵᠢᠨ ᠲᠠᠯᠠᠪᠠᠢ ᠵᠢᠨ ᠺᠠᠳ᠋ᠷ ᠤᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠦᠭᠦᠬᠡᠢ ᠮᠠᠲ᠋ᠧᠷᠢᠶᠠᠯ᠎ᠤᠨ ᠢᠷᠡᠯᠳᠡ᠂ ᠡᠯᠡᠰᠦ ᠵᠢ ᠵᠠᠰᠠᠬᠤ ᠥᠪᠡᠷ᠎ᠤᠨ ᠦᠷᠳᠡᠭ᠂ ᠬᠥᠯᠥᠰᠥᠨ ᠠᠵᠢᠯ᠎ᠤᠨ ᠣᠷᠣᠯᠭ᠎ᠠ ᠪᠣᠯᠤᠨ ᠵᠠᠰᠠᠯᠲᠠ ᠵᠢᠨ ᠠᠬᠢᠴᠠ ᠵᠡᠷᠭᠡ ᠪᠠᠶ᠋ᠢᠳᠠᠯ᠎ᠢ ᠨᠠᠷᠢᠨ ᠯᠠᠪᠯᠠᠨ ᠠᠰᠠᠭᠤᠭᠰᠠᠨ ᠪᠥᠭᠡᠳ ᠤᠯᠠᠨ᠎ᠲᠠᠢ ᠬᠠᠮᠲᠤ ᠬᠦᠷᠵᠡ ᠠᠳᠬᠤᠨ  ᠵᠠᠭ᠎ᠤᠨ ᠴᠢᠬᠢ ᠲᠠᠷᠢᠪᠠ᠃ ᠲᠡᠷᠡ᠂ ᠬᠦᠴᠦᠨ ᠵᠶ᠋ᠠᠨ ᠲᠥᠪᠯᠡᠷᠡᠭᠦᠯᠦᠨ ᠪᠠᠳᠠᠢ ᠵᠢᠨ ᠵᠢᠷᠠᠨ᠎ᠤ ᠡᠯᠡᠰᠦ᠂ ᠲᠩᠷᠢ ᠡᠯᠡᠰᠦ᠂ ᠤᠯᠠᠭ᠋ᠠᠨᠪᠤᠬ᠎ᠠ ᠵᠢᠨ ᠡᠯᠡᠰᠦᠨ ᠴᠦᠯ᠎ᠤᠨ ᠬᠥᠪᠡᠭᠡᠨ᠎ᠳᠠᠬᠢ ᠰᠠᠯᠬᠢ ᠵᠢ ᠰᠡᠷᠭᠡᠶ᠋ᠢᠯᠡᠵᠦ ᠡᠯᠡᠰᠦ ᠵᠢ ᠬᠣᠷᠢᠭᠯᠠᠬᠤ ᠪᠦᠰᠡ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠵᠠᠩᠭᠢᠯᠠᠭ᠎ᠠ ᠵᠢᠨ ᠴᠡᠭ᠎ᠢ ᠳᠠᠷᠤᠢ ᠲᠦᠷᠭᠡᠨ ᠨᠥᠬᠥᠪᠥᠷᠢᠯᠡᠵᠦ᠂ ᠭᠤᠷᠪᠠᠨ ᠶᠡᠬᠡ ᠡᠯᠡᠰᠦᠨ ᠴᠦᠯ᠎ᠢ ᠦᠨᠡᠨ ᠬᠦ᠌ ᠰᠠᠢ᠌ᠲᠤᠷ ᠵᠠᠰᠠᠨ᠎ᠠ᠃ ᠥᠪᠥᠷ ᠮᠣᠩᠭᠣᠯ᠎ᠤᠨ 100 ᠲᠦᠮᠡᠨ ᠬᠢᠯᠦᠸᠠᠲ᠎ᠤᠨ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ ᠪᠠ ᠳᠤᠮᠳᠠᠳᠤ ᠤᠯᠤᠰ᠎ᠤᠨ ᠬᠤᠸᠠ ᠳ᠋ᠢᠶᠠᠨ ᠱᠠ ᠭᠧ ᠬᠤᠸᠠᠩ᠎ᠤᠨ ᠰᠢᠨ᠎ᠡ ᠡᠨᠧᠷᠭᠢ ᠵᠢ ᠭᠠᠳᠠᠭᠰᠢ ᠬᠦᠷᠭᠡᠬᠦ ᠲᠣᠮᠣ ᠰᠠᠭᠤᠷᠢᠨ᠎ᠤ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ᠎ᠳᠤ᠂ ᠰᠦᠨ ᠱᠤᠤ ᠴᠸᠩ ᠬᠣᠯᠪᠣᠭᠳᠠᠯ ᠪᠥᠬᠥᠶ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠲᠥᠷᠥᠯ ᠵᠦᠢ᠍ᠯ᠎ᠤᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠵᠡᠷᠭᠡ ᠪᠠᠶ᠋ᠢᠳᠠᠯ᠎ᠢ ᠣᠶ᠋ᠢᠯᠠᠭ᠋ᠠᠵᠤ᠂ ᠠᠵᠤ ᠠᠬᠤᠶ᠋ᠢᠯᠠᠯ᠎ᠢ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠦᠴᠦᠨ ᠵᠶ᠋ᠡᠨ ᠲᠦᠪᠯᠡᠷᠡᠬᠦᠯᠦᠨ ᠨᠥᠭᠡᠴᠡ ᠡᠨᠧᠷᠭᠢ ᠭᠡᠬᠦ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ ᠭᠡᠵᠦ ᠵᠣᠷᠢᠭᠵᠢᠭᠤᠯᠪᠠ᠃ ᠰᠦᠨ ᠱᠤᠤ ᠴᠸᠩ ᠪᠠᠰᠠ ᠠᠯᠠᠱ᠌ᠠ ᠵᠢᠨ ᠠᠮᠢ ᠠᠬᠤᠢ ᠵᠢᠨ ᠡᠯᠡᠰᠦᠨ᠎ᠤ ᠠᠵᠤ ᠦᠢ᠍ᠯᠡᠰ᠎ᠤᠨ ᠦᠵᠡᠭᠦᠯᠦᠯᠭᠡ ᠵᠢᠨ ᠣᠷᠳᠣᠨ᠎ᠳᠤ ᠬᠦᠷᠴᠦ ᠬᠣᠯᠪᠣᠭᠳᠠᠯ ᠪᠦᠬᠦᠢ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠰᠢᠨᠵᠢᠯᠡᠨ ᠪᠠᠶ᠋ᠢᠴᠠᠭ᠋ᠠᠵᠤ᠂ ᠲᠤᠬᠠᠢ ᠵᠢᠨ ᠭᠠᠵᠠᠷ᠎ᠤᠨ᠎ᠬᠢᠨ᠎ᠢ ᠳᠠᠪᠠᠭᠤᠯᠢᠭ ᠤᠨᠴᠠᠯᠢᠬᠳᠤ ᠡᠯᠡᠰᠦᠨ᠎ᠤ ᠠᠵᠤ ᠦᠢ᠍ᠯᠡᠰ᠎ᠤᠨ ᠲᠦᠷᠦᠯ ᠲᠡᠮᠳᠡᠭ᠎ᠢ ᠡᠭᠦᠳᠴᠦ᠂ ᠢᠳᠡᠪᠬᠢᠲᠡᠢ᠎ᠪᠠᠷ ᠭᠠᠷᠴᠤ ᠶᠠᠪᠤᠵᠤ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠬᠡᠷᠡᠭᠲᠡᠢ ᠭᠡᠵᠦ ᠵᠠᠬᠢᠪᠠ᠃


W020250320348009566771.jpg


    3 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠸᠩ ᠠᠯᠠᠱ᠌ᠠ ᠵᠢᠨ ᠠᠮᠢ ᠠᠬᠤᠶ ᠵᠢᠨ ᠡᠯᠡᠰᠦᠨ᠎ᠤ ᠠᠵᠤ ᠦᠢ᠍ᠯᠡᠰ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ ᠬᠠᠮᠢᠶ᠎ᠠ ᠪᠥᠬᠥᠶ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠰᠢᠨᠵᠢᠯᠡᠨ ᠪᠠᠶ᠋ᠢᠴᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃ 


W020250320348009583886.jpg



   3 ᠰᠠᠷ᠎ᠠ ᠵᠢᠨ 19᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ᠃
   19᠎ᠤ ᠦᠳᠡ ᠵᠢᠨ ᠬᠣᠶ᠋ᠢᠨ᠎ᠠ᠂ ᠰᠦᠨ ᠱᠤᠤ ᠴᠸᠩ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠠᠨ᠎ᠲᠠᠢ ᠬᠠᠮᠲᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠳᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠢᠯᠠᠯᠲᠠ ᠵᠢ ᠬᠡᠷᠬᠢᠨ ᠬᠢᠬᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠵᠢᠴᠢ ᠬᠣᠯᠪᠣᠭᠳᠠᠯ ᠪᠦᠬᠦᠢ ᠠᠵᠢᠯ᠎ᠢ ᠬᠡᠷᠬᠢᠨ ᠠᠬᠢᠭᠤᠯᠬᠤ ᠲᠤᠬᠠᠢ ᠰᠤᠳᠤᠯᠪᠠ᠃
    ᠲᠡᠷᠡ᠂ ᠶᠡᠷᠦᠩᠬᠡᠢ ᠱᠦᠵᠢ ᠰᠢ ᠵᠢᠨ ᠫᠢᠩ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠥᠷ ᠮᠣᠩᠭᠣᠯ᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠲᠠᠢ᠍ᠢ᠍ᠴᠢᠯᠠᠯᠳᠠ ᠵᠢᠨ ᠵᠠᠷᠯᠢᠭ ᠪᠠᠭᠤᠯᠭ᠋ᠠᠪᠠ᠃ ᠡᠨᠡ ᠬᠣᠶᠠᠷ ᠵᠢᠯ᠎ᠳᠤ᠂ ᠪᠦᠬᠦ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ 2000 ᠲᠦᠮᠡᠨ ᠮᠦ᠍᠎ᠠᠴᠠ ᠳᠡᠭᠡᠭᠰᠢᠬᠢ ᠬᠠᠷᠠᠯᠲᠠ ᠵᠢ ᠲᠣᠭᠲᠠᠭ᠋ᠠᠪᠠ᠂ ᠡᠨᠡ ᠪᠣᠯ ᠬᠠᠲᠠᠭᠤ ᠡᠭᠦᠷᠭᠡ ᠪᠣᠯᠤᠨ᠎ᠠ᠃ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠡᠷᠬᠡᠪᠰᠢ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠷᠭ᠋ᠠᠭᠤ ᠠᠵᠢᠯᠯᠠᠨ ᠪᠣᠳᠠᠲᠠᠢ ᠠᠵᠢᠯᠯᠠᠵᠤ᠂ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
    ᠰᠦᠨ ᠱᠤᠤ ᠴᠧᠩ᠂《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ᠂ ᠴᠡᠷᠢᠭ ᠠᠩᠬᠢ ᠵᠢᠨ ᠪᠠᠶ᠋ᠢᠯᠳᠤᠭ᠋ᠠᠨ ᠬᠢᠬᠦ᠎ᠲᠠᠢ ᠠᠳᠠᠯᠢ᠎ᠪᠠᠷ᠂ ᠨᠢᠭᠡ ᠲᠠᠯ᠎ᠠ᠎ᠪᠠᠷ ᠰᠢᠨ᠎ᠡ ᠵᠢᠭᠰᠠᠭ᠋ᠠᠯ᠎ᠤᠨ ᠭᠠᠵᠠᠷ᠎ᠢ ᠪᠦᠬᠦ ᠬᠦᠴᠦᠨ ᠵᠶ᠋ᠠᠷ ᠵᠶ᠋ᠠᠨ ᠲᠡᠮᠡᠴᠡᠨ ᠣᠯᠵᠤ᠂ ᠨᠦᠬᠦᠬᠡ ᠲᠠᠯ᠎ᠠ᠎ᠪᠠᠷ ᠬᠠᠭᠤᠴᠢᠨ ᠵᠢᠭᠰᠠᠭ᠋ᠠᠯ᠎ᠤᠨ ᠭᠠᠵᠠᠷ ᠵᠶ᠋ᠠᠨ ᠪᠠᠲᠤ ᠰᠠᠬᠢᠵᠤ᠂ 《ᠵᠠᠰᠠᠬᠤ》 ᠪᠠ 《ᠬᠠᠮᠠᠭ᠋ᠠᠯᠠᠬᠤ》 ᠠᠵᠢᠯ᠎ᠢ ᠰᠠᠶ᠋ᠢᠲᠤᠷ ᠬᠢᠬᠦ ᠬᠡᠷᠡᠭᠲᠡᠢ᠃ 《ᠵᠠᠰᠠᠬᠤ》 ᠭᠡᠳᠡᠭ᠎ᠨᠢ ᠳᠠᠷᠤᠶ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠵᠢ ᠠᠬᠢᠭᠤᠯᠬᠤ ᠶᠠᠪᠤᠳᠠᠯ ᠪᠣᠯᠤᠨ᠎ᠠ᠃ ᠱᠠᠯᠠᠪᠳᠠᠨ ᠠᠵᠢᠯ ᠡᠬᠢᠯᠡᠭᠦᠯᠵᠦ᠂ ᠡᠯᠡᠰᠦ ᠵᠢ ᠵᠠᠰᠠᠬᠤ ᠠᠵᠢᠯ᠎ᠢ ᠪᠦᠬᠦ ᠲᠠᠯ᠎ᠠ᠎ᠪᠠᠷ ᠬᠢᠬᠦ ᠬᠡᠷᠡᠭᠲᠡᠢ᠃ ᠲᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠵᠤ᠂ ᠠᠵᠢᠯ᠎ᠤᠨ ᠬᠤᠭᠤᠴᠠᠭ᠎ᠠ ᠵᠢ ᠵᠣᠬᠢᠰᠲᠠᠢ ᠲᠤᠬᠢᠷᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠤᠨ ᠮᠧᠬᠠᠨᠢᠭ᠎ᠤᠨ ᠬᠦᠴᠦᠨ᠎ᠳᠤ ᠲᠦᠰᠢᠭᠯᠡᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠠᠰᠢᠭ᠎ᠢ ᠡᠷᠬᠢᠮᠯᠡᠵᠦ᠂ ᠲᠤᠬᠠᠶ ᠵᠢᠨ ᠭᠠᠵᠠᠷ᠎ᠠᠴᠠ ᠮᠠᠲ᠋ᠧᠷᠢᠶᠠᠯ ᠠᠪᠬᠤ ᠵᠢ ᠪᠠᠷᠢᠮᠲᠠᠯᠠᠵᠤ᠂ ᠬᠢᠵᠠᠭ᠋ᠠᠷ᠎ᠲᠠᠢ ᠪᠡᠯᠡ ᠮᠥᠩᠭᠥ᠎ᠪᠠᠷ ᠨᠠᠩ ᠣᠯᠠᠨ ᠡᠯᠡᠰᠦ ᠵᠢ ᠵᠠᠰᠠᠬᠤ ᠬᠡᠷᠡᠭᠲᠡᠶ᠃ ᠠᠵᠢᠯ ᠤᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ ᠶᠠᠪᠤᠳᠠᠯ᠎ᠢ ᠶᠡᠬᠡᠪᠡᠷ ᠳᠡᠯᠭᠡᠷᠡᠭᠦᠯᠵᠦ᠂ ᠠᠷᠠᠳ᠎ᠢ ᠪᠠᠶᠠᠵᠢᠭᠤᠯᠤᠨ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠵᠣᠬᠢᠶᠠᠨ ᠪᠠᠶ᠋ᠢᠭᠤᠯᠬᠤ ᠵᠠᠭᠪᠤᠷ᠎ᠢ ᠰᠢᠯᠢᠳᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠴᠠᠬᠢᠯᠭ᠋ᠠᠨ᠎ᠤ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠬᠦ ᠬᠡᠷᠡᠭᠲᠡᠶ᠃ ᠬᠡᠰᠡᠭ ᠲᠠᠯ᠎ᠠ ᠵᠢᠨ ᠡᠯᠡᠰᠦᠷᠬᠡᠭ ᠭᠠᠵᠠᠷ᠎ᠢ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠪᠦᠷᠢᠯᠳᠦᠭᠦᠯᠵᠦ᠂ ᠴᠢᠬᠢ ᠮᠣᠳᠣᠨ᠎ᠤ ᠡᠳᠡᠭᠡᠷᠡᠯᠲᠡ ᠵᠢᠨ ᠨᠤᠷᠮ᠎ᠠ ᠵᠢ ᠦᠨᠡᠨ ᠬᠦ᠌ ᠳᠡᠭᠡᠭᠰᠢᠯᠡᠭᠦᠯᠵᠦ᠂ ᠬᠡᠰᠡᠭ ᠬᠡᠰᠡᠭ ᠵᠶ᠋ᠠᠷ ᠵᠠᠰᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ 《ᠪᠠᠲᠤᠯᠠᠬᠤ》 ᠭᠡᠳᠡᠭ᠎ᠨᠢ ᠳᠠᠷᠤᠶ ᠣᠢ ᠰᠢᠭᠤᠶ ᠨᠤᠲᠤᠭ ᠪᠡᠯᠴᠢᠭᠡᠷ᠎ᠢ ᠡᠪᠳᠡᠬᠦ ᠵᠢ ᠬᠣᠷᠢᠭᠯᠠᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠵᠦ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠨ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠦᠨ᠂ ᠡᠪᠳᠡᠯᠭᠡ ᠬᠢᠬᠦ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ ᠰᠦᠷᠳᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠢ ᠰᠢᠭᠤᠢ ᠨᠤᠲᠤᠭ ᠪᠡᠯᠴᠢᠭᠡᠷ᠎ᠢ ᠬᠠᠮᠠᠭ᠋ᠠᠯᠠᠬᠤ ᠤᠢ᠌ᠯᠠᠭ᠋ᠠᠭᠳᠠᠬᠤᠨ᠎ᠢ ᠪᠤᠳᠠᠳᠠᠢ᠌ᠵᠢᠭᠤᠯᠬᠤ ᠬᠡᠷᠡᠭᠳᠡᠢ᠃ ᠲᠣᠭᠲᠠᠴᠠ ᠵᠢᠨ ᠵᠠᠰᠠᠯᠲᠠ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠮᠠᠯᠵᠢᠬᠤ ᠵᠢ ᠵᠠᠰᠠᠵᠤ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ ᠬᠢᠯᠪᠠᠷ ᠪᠤᠰᠤ᠎ᠪᠠᠷ ᠣᠯᠤᠭᠰᠠᠨ ᠡᠯᠡᠰᠦ ᠵᠢ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠬᠡᠷᠡᠭᠲᠡᠢ᠃ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠬᠢᠴᠠ᠎ᠪᠠᠨ ᠲᠦᠷᠭᠡᠳᠬᠡᠵᠦ᠂ ᠬᠤᠭᠤᠴᠠᠭ᠎ᠠ ᠶᠣᠰᠣᠭ᠋ᠠᠷ ᠳᠠᠩᠰᠠ ᠡᠪᠬᠡᠮᠡᠯ ᠲᠤᠰᠢᠶᠠᠵᠤ ᠮᠡᠳᠡᠭᠦᠯᠬᠦ ᠬᠡᠷᠡᠭᠲᠡᠢ᠃

    ᠡᠴᠦᠰ᠎ᠲᠤ᠂ ᠰᠦᠨ ᠱᠤᠤ ᠴᠧᠩ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃ ᠲᠡᠷᠡ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠬᠠᠷᠠᠯᠲᠠ ᠴᠢᠭᠯᠡᠯ᠎ᠢ ᠰᠠᠶ᠋ᠢᠲᠤᠷ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠰᠠᠶ᠋ᠢᠲᠤᠷ ᠠᠳᠬᠤᠵᠤ᠂ ᠵᠢᠱ᠌ᠢᠶ᠎ᠡ ᠦᠵᠡᠭᠦᠯᠦᠨ ᠬᠦᠳᠦᠯᠥᠨ ᠳᠠᠭ᠋ᠠᠭᠤᠯᠬᠤ ᠵᠢ ᠰᠠᠶ᠋ᠢᠲᠤᠷ ᠬᠢᠵᠦ᠂ ᠰᠤᠷᠤᠯᠴᠠᠬᠤ ᠪᠠᠶ᠋ᠢᠴᠠᠭ᠋ᠠᠬᠤ ᠥᠭᠡᠷᠡᠴᠢᠯᠡᠬᠦ ᠡᠯ᠎ᠡ ᠵᠦᠢ᠍ᠯ᠎ᠤᠨ ᠠᠵᠢᠯ᠎ᠢ ᠪᠣᠳᠠᠲᠠᠢ ᠠᠳᠬᠤᠵᠤ᠂ ᠰᠤᠷᠤᠯᠴᠠᠯᠭ᠎ᠠ ᠬᠥᠮᠦᠵᠢᠯ᠎ᠤᠨ ᠬᠦᠴᠦᠲᠡᠢ ᠡᠮᠬᠢ ᠵᠢᠷᠤᠮ᠎ᠲᠠᠢ ᠥᠷᠨᠢᠬᠦ ᠵᠢ ᠠᠬᠢᠭᠤᠯᠬᠤ ᠬᠡᠷᠡᠭᠲᠡᠢ᠃

    ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠢ᠍ᠯᠡᠴᠢᠯᠡᠭᠡ᠎ᠪᠠᠨ ᠰᠢᠯᠢᠳᠡᠭᠵᠢᠭᠦᠯᠵᠦ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠪᠡ
ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ ᠬᠢᠭᠡᠳ ᠮᠠᠨ᠎ᠤ ᠲᠣᠪᠴᠢᠶ᠎ᠠ ᠨᠤᠲᠤᠭ ᠪᠡᠯᠴᠢᠭᠡᠷ᠎ᠤᠨ ᠬᠣᠶᠠᠳᠤᠭ᠋ᠠᠷ ᠡᠭᠡᠯᠵᠢ ᠵᠢᠨ ᠳᠠᠭ᠋ᠠᠭ᠋ᠠᠴᠢᠯᠠᠯᠲᠠ ᠵᠢ ᠬᠤᠭᠤᠴᠠᠭ᠎ᠠ ᠵᠢ ᠤᠷᠲᠤᠳᠬᠠᠬᠤ ᠠᠵᠢᠯ᠎ᠢ ᠥᠷᠨᠢᠭᠦᠯᠬᠦ ᠲᠤᠬᠠᠶ ᠪᠠᠶ᠋ᠢᠴᠠᠭ᠋ᠠᠨ ᠰᠤᠳᠤᠯᠤᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠪᠦᠯᠬᠦᠮ ᠳᠠᠭ᠋ᠠᠭᠤᠯᠤᠨ ᠬᠥᠬᠡᠬᠣᠲᠠ ᠵᠢᠨ ᠡᠷᠭᠢᠨ ᠲᠣᠭᠣᠷᠢᠨ᠎ᠤ ᠬᠠᠩᠰᠢ ᠵᠢᠨ ᠡᠳᠦᠷ᠎ᠤᠨ ᠭᠠᠯ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠪᠠ
ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠬᠢ ᠮᠣᠳᠣᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ 《ᠨᠣᠭᠣᠭ᠋ᠠᠨ ᠰᠡᠯᠡᠮ᠎ᠡ 2025 ᠠᠵᠢᠯᠯᠠᠭ᠎ᠠ》 ᠪᠥᠬᠥ ᠲᠠᠯ᠎ᠠ᠎ᠪᠠᠷ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠥᠷᠨᠢᠭᠦᠯᠪᠡ
 
             蒙ICP备05000248号