4 ᠰᠠᠷ᠎ᠠ ᠵᠢᠨ 9᠎ᠤ ᠡᠳᠦᠷ᠂ ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠬᠢ ᠮᠣᠳᠣᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ 《ᠨᠣᠭᠣᠭ᠋ᠠᠨ ᠰᠡᠯᠡᠮ᠎ᠡ 2025 ᠠᠵᠢᠯᠯᠠᠭ᠎ᠠ》 ᠪᠥᠬᠥ ᠣᠷᠣᠨ᠎ᠤ 12 ᠠᠶ᠋ᠢᠮᠠᠭ ᠬᠣᠲᠠ᠎ᠳᠤ ᠵᠡᠷᠭᠡ᠎ᠪᠠᠷ ᠡᠬᠢᠯᠡᠪᠡ᠂ ᠡᠨᠡ᠎ᠨᠢ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ ᠶᠠᠰᠤ ᠴᠢᠨᠠᠷ᠎ᠢ ᠬᠢᠨᠠᠨ ᠬᠠᠮᠢᠶᠠᠷᠬᠤ ᠪᠣᠳᠠᠲᠠᠶ ᠱᠠᠲᠤᠨ᠎ᠳᠤ ᠤᠷᠤᠭᠰᠠᠨ᠎ᠢ ᠬᠠᠷᠠᠭᠤᠯᠵᠤ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠮᠠ ᠴᠢᠶᠠᠩ ᠣᠷᠳᠣᠰ ᠬᠣᠲᠠ ᠵᠢᠨ ᠣᠲᠣᠭ ᠬᠣᠰᠢᠭᠤᠨ᠎ᠳᠤ ᠲᠤᠬᠠᠶ ᠵᠢᠨ ᠲᠠᠯᠠᠪᠠᠢ᠎ᠳᠤ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠵᠢᠯᠣᠭᠣᠳᠴᠤ᠂ ᠠᠵᠢᠯᠯᠠᠭ᠎ᠠ ᠵᠢᠨ ᠡᠮᠬᠢ ᠵᠢᠷᠤᠮ᠎ᠲᠠᠢ ᠶᠠᠪᠤᠭᠳᠠᠬᠤ ᠵᠢ ᠠᠬᠢᠭᠤᠯᠪᠠ᠃

ᠲᠤᠬᠠᠶ ᠵᠢᠨ ᠭᠠᠵᠠᠷ᠎ᠲᠤᠨᠢ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠢ᠌ᠴᠠᠭ᠋ᠠᠵᠦ ᠪᠠᠢ᠌ᠭ᠎ᠠ᠎ᠨᠢ
ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯᠲᠠᠨ ᠲᠤᠬᠠᠶ ᠵᠢᠨ ᠲᠠᠯᠠᠪᠠᠶ᠎ᠳᠤ ᠬᠦᠷᠴᠦ᠂ ᠣᠲᠣᠭ ᠬᠣᠰᠢᠭᠤᠨ᠎ᠤ ᠳᠠᠯᠠᠨᠳᠦ᠋ᠷᠦ ᠡᠯᠡᠰᠦ ᠵᠠᠰᠠᠬᠤ ᠥᠷᠲᠡᠭᠡ ᠵᠢᠨ ᠳᠤᠤᠷ᠎ᠠ ᠳᠤᠯᠠᠭ᠋ᠠᠨ᠎ᠤ ᠴᠢᠬᠢ ᠬᠠᠳᠠᠭ᠋ᠠᠯᠠᠬᠤ ᠵᠣᠭᠣᠷᠢ᠎ᠳᠤ ᠬᠦᠷᠴᠦ᠂ ᠬᠠᠷᠭ᠋ᠠᠨ᠎ᠠ᠂ ᠬᠢᠶᠠᠭ ᠵᠡᠷᠭᠡ ᠡᠪᠦᠯ᠎ᠤᠨ ᠤᠯᠠᠷᠢᠯ᠎ᠤᠨ ᠴᠢᠬᠢ ᠮᠤᠳᠤᠨ᠎ᠳᠤ ᠶᠠᠰᠤ ᠴᠢᠨᠠᠷ᠎ᠤᠨ ᠰᠤᠭᠤᠴᠢᠨ ᠪᠠᠶ᠋ᠢᠴᠠᠭ᠋ᠠᠯᠲᠠ ᠬᠢᠪᠠ; ᠮᠤᠤᠠᠤᠰᠤ ᠵᠢᠨ ᠡᠯᠡᠰᠦᠷᠬᠡᠭ ᠭᠠᠵᠠᠷ᠎ᠤᠨ ᠥᠪᠥᠷ ᠮᠣᠩᠭᠣᠯ᠂ ᠱᠠᠨᠰᠢ᠂ ᠨᠢᠩᠰᠢᠶᠠ ᠵᠢᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠵᠠᠰᠠᠬᠤ ᠲᠥᠷᠥᠯ ᠵᠦᠢ᠍ᠯ᠎ᠤᠨ ᠲᠣᠭᠣᠷᠢᠭ᠎ᠲᠤ᠂ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯᠲᠠᠨ ᠲᠤᠬᠠᠶ ᠵᠢᠨ ᠲᠠᠯᠠᠪᠠᠶ᠎ᠳᠤ ᠬᠦᠷᠭᠡᠵᠦ ᠢᠷᠡᠭᠰᠡᠨ ᠬᠠᠭᠤᠷᠮᠠᠭ ᠴᠢᠬᠢ ᠮᠣᠳᠣ ᠪᠠ ᠶᠠᠭ ᠳᠠᠷᠢᠵᠤ ᠪᠠᠶ᠋ᠢᠭ᠎ᠠ ᠪᠠᠷᠢᠯᠭ᠎ᠠ ᠵᠢᠨ ᠴᠢᠬᠢ ᠮᠣᠳᠣ ᠵᠢ ᠰᠢᠯᠭ᠋ᠠᠨ ᠪᠠᠶ᠋ᠢᠴᠠᠭ᠋ᠠᠪᠠ; ᠣᠲᠣᠭ ᠬᠣᠰᠢᠭᠤᠨ᠎ᠤ ᠰᠠᠶ᠋ᠢᠨᠠᠤᠰᠤ ᠵᠢᠨ ᠨᠣᠭᠣᠭ᠋ᠠᠨ ᠪᠦᠷᠢᠳᠦ ᠡᠪᠡᠰᠦᠨ᠎ᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠳᠤ᠂ ᠠᠵᠢᠯᠲᠠᠳ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ᠂ ᠲᠤᠬᠠᠶ ᠵᠢᠨ ᠲᠠᠯᠠᠪᠤᠷ᠎ᠲᠤ ᠠᠰᠠᠭᠤᠨ ᠯᠠᠪᠯᠠᠬᠤ᠂ ᠮᠠᠲ᠋ᠧᠷᠢᠶᠠᠯ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠪᠡᠰᠦᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠵᠢ ᠱᠠᠭ᠋ᠠᠷᠳᠠᠪᠠ᠃
ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯᠳᠠᠨ ᠣᠶ᠋ᠢᠵᠢᠭᠤᠯᠤᠯᠲᠠ ᠵᠢᠨ ᠴᠢᠬᠢ ᠮᠣᠳᠣ ᠵᠢ ᠰᠢᠯᠭ᠋ᠠᠨ ᠪᠠᠢ᠌ᠴᠠᠭ᠋ᠠᠵᠤ ᠪᠠᠢ᠌ᠭ᠎ᠠ᠎ᠨᠢ᠃
2025 ᠣᠨ ᠪᠣᠯ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠵᠠᠩᠭᠢᠯᠠᠭ᠎ᠠ ᠵᠢᠨ ᠵᠢᠯ ᠪᠣᠯᠤᠨ᠎ᠠ᠂ ᠥᠪᠥᠷ ᠮᠣᠩᠭᠣᠯ 2000 ᠲᠦᠮᠡᠨ ᠮᠦ᠍᠎ᠠᠴᠠ ᠳᠡᠭᠡᠭᠰᠢ ᠡᠯᠡᠰᠦ ᠵᠢ ᠰᠡᠷᠭᠡᠶ᠋ᠢᠯᠡᠨ ᠵᠠᠰᠠᠬᠤ᠎ᠪᠠᠷ ᠲᠥᠯᠥᠪᠯᠡᠵᠦ ᠪᠤᠢ᠃ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠪᠠ ᠵᠤᠯᠵᠠᠭ᠎ᠠ ᠮᠣᠳᠣᠨ᠎ᠤ ᠶᠠᠰᠤ ᠴᠢᠨᠠᠷ᠎ᠤᠨ ᠪᠣᠭᠣᠮᠲᠠ ᠪᠣᠯ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠨᠢᠭᠡᠳᠦᠭᠡᠷ ᠪᠣᠭᠣᠮᠲᠠ ᠪᠣᠯᠤᠨ᠎ᠠ᠂ ᠬᠢᠷᠢ ᠲᠡᠩᠴᠡᠭᠦ ᠥᠬᠡᠶ ᠦᠷ᠎ᠡ ᠪᠠ ᠴᠢᠬᠢ ᠮᠣᠳᠣ ᠵᠢ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠭᠤᠯᠬᠤ ᠵᠢ ᠬᠣᠷᠢᠭᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠷᠲᠡ ᠤᠬᠠᠭ᠋ᠠᠯᠠᠨ ᠲᠥᠯᠥᠪᠯᠡᠵᠦ᠂ ᠡᠷᠲᠡ ᠬᠥᠳᠡᠯᠦᠯᠴᠡᠵᠦ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠷᠢᠳᠴᠢᠯᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠤᠮᠠᠷᠠᠲᠤ ᠵᠢᠨ ᠭᠤᠷᠪᠠᠨ ᠤᠷᠤᠨ〉 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠪᠠ ᠴᠢᠬᠢ ᠮᠣᠳᠣᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ 〈ᠨᠣᠭᠣᠭ᠋ᠠᠨ ᠰᠡᠯᠡᠮ᠎ᠡ 2025〉 ᠠᠵᠢᠯᠯᠠᠭ᠎ᠠ ᠵᠢᠨ ᠠᠵᠢᠯ᠎ᠤᠨ ᠲᠥᠰᠦᠯ》᠎ᠢ ᠲᠤᠭᠲᠠᠭ᠋ᠠᠵᠤ ᠳᠠᠷᠤᠮᠠᠯᠯᠠᠨ ᠲᠠᠷᠬᠠᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠠᠵᠢᠯ ᠲᠥᠷᠥᠯ᠎ᠤᠨ ᠭᠠᠭᠴᠠᠭ᠋ᠠᠷ ᠡᠵᠡᠮᠰᠢᠬᠦ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠬᠠᠭᠤᠷᠮᠠᠭ ᠵᠶ᠋ᠠᠷ ᠵᠢᠩᠬᠢᠨᠢ ᠵᠢ ᠣᠷᠣᠯᠠᠭᠤᠯᠬᠤ᠂ ᠦᠨ᠎ᠡ ᠬᠠᠩᠰᠢ ᠵᠢ ᠥᠰᠬᠡᠬᠦ ᠵᠡᠷᠭᠡ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠰᠠᠮᠠᠭᠤᠷᠠᠭᠤᠯᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ;; ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠥᠬᠡᠶ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ ᠥᠬᠡᠶ᠎ᠪᠠᠷ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠡᠳ᠋᠎ᠤᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠬᠤ᠂ ᠪᠣᠷᠣᠯᠠᠭᠤᠯᠬᠤ ᠪᠠ ᠬᠢᠯᠢ ᠵᠢᠨ ᠭᠠᠳᠠᠨ᠎ᠠ ᠬᠠᠩᠭ᠋ᠠᠬᠤ ᠵᠡᠷᠭᠡ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ; ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠲᠠᠢ ᠠᠵᠤ ᠠᠬᠤᠶ᠋ᠢᠯᠠᠯ᠎ᠤᠨ ᠲᠠᠩᠰᠠ ᠡᠪᠬᠡᠮᠡᠯ᠎ᠤᠨ ᠲᠡᠮᠳᠡᠭᠯᠡᠯ᠎ᠨᠢ ᠪᠦᠷᠢᠨ ᠪᠤᠰᠤ᠂ ᠦᠢ᠍ᠯᠡᠳᠪᠦᠷᠢᠯᠡᠯ ᠡᠵᠡᠩᠨᠡᠯᠲᠡ᠎ᠨᠢ ᠵᠢᠷᠤᠮᠵᠢᠯ ᠥᠬᠡᠶ᠂ ᠪᠠᠭ᠋ᠠᠵᠢ ᠲᠥᠬᠥᠭᠡᠷᠦᠮᠵᠢ᠎ᠨᠢ ᠪᠦᠷᠢᠨ ᠪᠤᠰᠤ ᠵᠡᠷᠭᠡ ᠠᠰᠠᠭᠤᠳᠠᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠵᠤ᠂ ᠠᠵᠤ ᠠᠬᠤᠶ᠋ᠢᠯᠠᠯ᠎ᠢ ᠴᠠᠭ ᠲᠤᠬᠠᠶ᠎ᠳᠤᠨᠢ ᠬᠠᠪᠰᠤᠷᠤᠨ ᠲᠡᠭᠦᠯᠳᠡᠷᠵᠢᠭᠦᠯᠬᠦ ᠬᠡᠷᠡᠭᠲᠡᠶ᠃ ᠡᠭᠦᠨ᠎ᠤ ᠬᠠᠮᠲᠤ᠂ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠣᠯᠤᠭᠰᠠᠨ ᠣᠶ ᠰᠢᠭᠤᠶ ᠨᠤᠲᠤᠭ ᠪᠡᠯᠴᠢᠭᠡᠷ᠎ᠤᠨ ᠤᠷᠭᠤᠮᠠᠯ᠎ᠤᠨ ᠰᠢᠨ᠎ᠡ ᠲᠥᠷᠥᠯ ᠵᠦᠢ᠍ᠯ᠎ᠤᠨ ᠡᠷᠬᠡ᠎ᠳᠤ ᠪᠥᠬᠥ ᠲᠠᠯ᠎ᠠ ᠵᠢᠨ ᠪᠠᠶ᠋ᠢᠴᠠᠭ᠋ᠠᠯᠲᠠ ᠬᠢᠵᠦ᠂ ᠬᠡᠷ᠎ᠲᠤ᠎ᠨᠢ ᠬᠦᠷᠴᠦ ᠦᠢ᠍ᠯᠡᠴᠢᠯᠡᠨ᠂ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠦ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠦᠷ᠎ᠡ ᠴᠢᠬᠢ ᠵᠢᠨ ᠶᠠᠰᠤ ᠴᠢᠨᠠᠷ᠎ᠤᠨ ᠠᠮᠤᠷ ᠲᠦᠪᠰᠢᠨ ᠪᠠ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠲᠣᠭᠲᠠᠭᠤᠨ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃

ᠨᠥᠭᠡᠴᠡ ᠴᠢᠬᠢ ᠮᠣᠳᠣᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠪᠠᠢ᠌ᠭ᠎ᠠ᠎ᠨᠢ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ ᠵᠢᠨ ᠳᠠᠷᠤᠭ᠎ᠠ ᠶᠠᠨ ᠵᠢᠶᠧ ᠲᠠᠨᠢᠯᠴᠠᠭᠤᠯᠤᠭᠰᠠᠨ᠎ᠨᠢ ᠲᠣᠰ ᠤᠳᠠᠭ᠋ᠠᠨ᠎ᠤ ᠠᠵᠢᠯᠯᠠᠭ᠎ᠠ᠎ᠨᠢ 10 ᠰᠠᠷ᠎ᠠ ᠪᠣᠯᠲᠠᠯ᠎ᠠ ᠦᠷᠭᠦᠯᠵᠢᠯᠡᠬᠦ ᠪᠣᠯᠤᠨ᠎ᠠ᠂ ᠡᠭᠦᠨ᠎ᠳᠤ 4 ᠰᠠᠷ᠎ᠠ᠎ᠠᠴᠠ 6 ᠰᠠᠷ᠎ᠠ ᠪᠣᠯ ᠲᠥᠪᠯᠡᠷᠡᠭᠦᠯᠦᠨ ᠠᠵᠢᠯᠯᠠᠬᠤ ᠱᠠᠲᠤ ᠦᠶ᠎ᠡ ᠪᠣᠯᠤᠨ᠎ᠠ᠂ ᠭᠤᠤᠯᠳᠠᠭᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠲᠥᠷᠥᠯ ᠵᠦᠢ᠍ᠯ᠎ᠤᠨ ᠭᠤᠤᠯᠳᠠᠯᠭ᠎ᠠ᠎ᠲᠠᠢ ᠣᠷᠣᠨ ᠪᠦᠰᠡ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠦᠷ᠎ᠡ ᠪᠠ ᠴᠢᠬᠢ ᠮᠣᠳᠣᠨ᠎ᠤ ᠭᠦᠢ᠍ᠯᠭᠡᠭᠡᠨ ᠪᠠ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠵᠠᠩᠭᠢᠯᠠᠭ᠎ᠠ ᠵᠢ ᠴᠢᠩᠭ᠎ᠠ ᠠᠳᠬᠤᠵᠤ᠂ ᠡᠯ᠎ᠡ ᠲᠠᠯ᠎ᠠ ᠵᠢᠨ ᠬᠦᠴᠦᠨ᠎ᠢ ᠳᠠᠢ᠌ᠴᠢᠯᠠᠬᠤ ᠬᠡᠷᠡᠭᠲᠡᠶ᠂ ᠴᠢᠨᠠᠷ ᠴᠢᠨᠰᠠᠭ᠎ᠠ ᠵᠢᠨ ᠰᠤᠭᠤᠴᠢᠨ ᠪᠠᠶ᠋ᠢᠴᠠᠭ᠋ᠠᠯᠲᠠ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ᠂ ᠠᠵᠢᠯ ᠲᠥᠷᠥᠯ᠎ᠤᠨ 《ᠠᠵᠤ ᠠᠬᠤᠶ᠋ᠢᠯᠠᠯ᠎ᠢ ᠲᠤᠰᠠᠯᠠᠬᠤ》 ᠪᠠ ᠴᠢᠳᠠᠪᠤᠷᠢ ᠵᠢ ᠳᠡᠭᠡᠭᠰᠢᠯᠡᠭᠦᠯᠬᠦ ᠳᠥᠷᠪᠡᠨ ᠠᠵᠢᠯᠯᠠᠭ᠎ᠠ ᠵᠢ ᠪᠠᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠭᠤᠷᠪᠠᠨ ᠱᠠᠲᠤ ᠬᠣᠯᠪᠣᠭ᠋ᠠᠯᠠᠨ ᠬᠦᠳᠡᠯᠦᠯᠴᠡᠵᠦ᠂ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠦᠷ᠎ᠡ ᠪᠠ ᠴᠢᠬᠢ ᠮᠤᠳᠤᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠨᠡᠶ᠋ᠢᠳᠡᠮ ᠬᠡᠷᠡᠭᠵᠢᠭᠦᠯᠦᠨ᠎ᠡ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠦᠷ᠎ᠡ ᠴᠢᠬᠢ ᠮᠣᠳᠣᠨ᠎ᠤ ᠪᠠᠲᠤᠯᠠᠭ᠎ᠠ ᠬᠠᠩᠭ᠋ᠠᠨ᠎ᠠ᠃