ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-04-18


   ᠤᠯᠤᠰ᠎ᠤᠨ ᠠᠯᠪᠠᠨ ᠵᠢᠷᠤᠮ᠎ᠤᠨ ᠮᠣᠳᠣ ᠳᠠᠷᠢᠬᠤ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠨᠤᠭᠤᠭ᠋ᠠᠨᠯᠢᠭ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠬᠦᠯᠵᠦ᠂ ᠣᠯᠠᠨ ᠨᠡᠶ᠋ᠢᠲᠡ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ᠂ 4 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠬᠥᠬᠡᠬᠣᠲᠠ ᠵᠢᠨ ᠤᠢ ᠮᠣᠳᠣᠨ᠎ᠤ ᠬᠦᠷᠢᠶᠡᠯᠡᠩ᠎ᠳᠤ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠥᠷᠨᠢᠭᠦᠯᠪᠡ᠃


W020250417415682875853_ORIGIN.jpg


ᠠᠵᠢᠯᠯᠠᠭ᠎ᠠ ᠡᠬᠢᠯᠡᠮᠡᠭᠴᠡ᠂ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠤᠰᠬᠠᠶ ᠮᠡᠷᠭᠡᠵᠢᠯ᠎ᠤᠨ ᠠᠵᠢᠯᠲᠠᠨ ᠨᠠᠷᠢᠨ ᠨᠢᠮᠪᠠᠶ ᠲᠠᠶ᠋ᠢᠯᠤᠮᠵᠢ ᠬᠢᠵᠦ ᠤᠢ ᠮᠣᠳᠣᠨ᠎ᠤ ᠬᠦᠷᠢᠶᠡᠯᠡᠩ᠎ᠢ ᠲᠣᠭᠣᠷᠢᠨ ᠦᠵᠡᠵᠦ᠂ ᠤᠢ ᠮᠣᠳᠣᠨ᠎ᠤ ᠣᠨᠣᠯ᠎ᠤᠨ ᠮᠡᠳᠡᠯᠭᠡ ᠵᠢ ᠰᠢᠰᠲ᠋ᠧᠮ᠎ᠲᠠᠢ ᠰᠤᠷᠤᠯᠴᠠᠵᠤ᠂ ᠡᠯ᠎ᠡ ᠲᠥᠷᠥᠯ᠎ᠤᠨ ᠮᠣᠳᠣᠨ᠎ᠤ ᠣᠨᠴᠠᠯᠢᠭ᠂ ᠥᠰᠥᠯᠲᠡ ᠵᠢᠨ ᠵᠢᠮ᠎ᠡ ᠶᠣᠰᠣ ᠵᠡᠷᠭᠡ ᠠᠭᠤᠯᠭ᠎ᠠ᠎ᠳᠤ ᠨᠠᠩ ᠭᠦᠨᠵᠡᠭᠡᠶ ᠲᠠᠨᠢᠯᠲᠠ᠎ᠲᠠᠢ ᠪᠣᠯᠵᠠᠶ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠰᠠᠶ᠋ᠢᠨ ᠳᠤᠷᠠᠴᠤᠳ ᠤᠬᠠᠭᠤᠯᠭ᠎ᠠ ᠵᠢᠨ ᠠᠵᠢᠯᠯᠠᠭ᠎ᠠ ᠶᠠᠪᠤᠭᠳᠠᠭᠤᠯᠵᠤ᠂ ᠠᠯᠪᠠᠨ ᠵᠢᠷᠤᠮ᠎ᠤᠨ ᠮᠣᠳᠣ ᠳᠠᠷᠢᠬᠤ ᠬᠠᠮᠢᠶ᠎ᠠ ᠪᠥᠬᠥᠶ ᠮᠡᠳᠡᠯᠭᠡ ᠪᠠ ᠴᠢᠬᠤᠯᠠ ᠴᠢᠨᠠᠷ᠎ᠢ ᠢᠳᠡᠪᠬᠢᠲᠡᠶ ᠤᠬᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠩ ᠣᠯᠠᠨ ᠬᠥᠮᠦᠰ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠵᠢ ᠰᠠᠨᠠᠭ᠋ᠠᠴᠢᠯᠠᠨ᠂ ᠨᠤᠭᠤᠭ᠋ᠠᠨᠯᠢᠭ ᠣᠶ᠋ᠢᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠠᠶ᠃


W020250417415684400278_ORIGIN.jpg


    ᠲᠣᠰ ᠤᠳᠠᠭ᠋ᠠᠨ᠎ᠤ ᠠᠵᠢᠯᠯᠠᠭ᠎ᠠ᠎ᠨᠢ 《  ᠢᠨᠲᠸᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠵᠠᠭᠪᠤᠷ᠎ᠲᠤ ᠲᠦᠰᠢᠭᠯᠡᠨ᠂ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶᠡᠨ ᠳᠡᠭᠡᠷ᠎ᠡ ᠨᠡᠶ᠋ᠢᠲᠡᠯᠡᠭᠳᠡᠭᠰᠡᠨ᠎ᠤ ᠳᠠᠷᠠᠭ᠎ᠠ᠂ ᠰᠠᠶ᠋ᠢᠨ ᠳᠤᠷ᠎ᠠ ᠵᠢᠨ ᠠᠵᠢᠯᠯᠠᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ ᠥᠪᠡᠷᠲᠡᠭᠡᠨ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠰᠦᠯᠵᠢᠶᠡᠨ ᠳᠡᠭᠡᠷ᠎ᠡ᠎ᠠᠴᠠ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠨᠡᠮᠯᠡᠯ ᠪᠠᠭᠤᠯᠭ᠋ᠠᠵᠤ ᠪᠣᠯᠤᠨ᠎ᠠ᠃ 《ᠢᠨᠲ᠋ᠧᠷ ᠰᠦᠯᠵᠢᠶ᠎ᠡ + ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》 ᠵᠠᠭᠪᠤᠷ᠎ᠨᠢ ᠴᠠᠭ ᠪᠠ ᠣᠷᠣᠨ ᠵᠠᠶ ᠵᠢᠨ ᠬᠢᠵᠠᠭ᠋ᠠᠷᠯᠠᠯ᠎ᠢ ᠡᠪᠳᠡᠵᠦ᠂ ᠣᠯᠠᠨ ᠨᠡᠶ᠋ᠢᠲᠡ ᠵᠢᠨ ᠠᠯᠪᠠᠨ ᠵᠢᠷᠤᠮ᠎ᠤᠨ ᠮᠣᠳᠣ ᠳᠠᠷᠢᠬᠤ᠎ᠳᠤ ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ ᠠᠯᠪᠠᠨ ᠵᠢᠷᠤᠮ᠎ᠤᠨ ᠮᠣᠳᠣ ᠳᠠᠷᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠳᠦᠭᠦᠮ ᠪᠤᠯᠤᠭᠰᠠᠨ ᠪᠠᠶ᠋ᠢᠨ᠎ᠠ᠃ ᠢᠷᠡᠭᠡᠳᠦᠢ᠎ᠳᠤ ᠨᠡᠩ ᠤᠯᠠᠨ ᠬᠦᠮᠦᠰ ᠤᠷᠢᠶᠠᠯᠠᠭ᠎ᠠ ᠵᠢ ᠴᠤᠤᠷᠢᠶᠠᠲᠤᠨ ᠲᠠᠭ᠋ᠠᠵᠤ᠂ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠠᠮᠢ ᠠᠬᠤᠢ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠎ᠳᠤ ᠬᠠᠮᠲᠤ᠎ᠪᠠᠷ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠢ ᠪᠠᠶ᠋ᠢᠷᠢᠯᠠᠭᠤᠯᠪᠠ
2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠭᠵᠢᠯᠲᠡ ᠵᠢᠨ ᠶᠡᠷᠦᠩᠬᠡᠢ᠌ᠯᠡᠭᠰᠡᠨ ᠪᠠᠢ᠌ᠴᠠᠭ᠋ᠠᠯᠳᠠ ᠵᠢᠨ ᠮᠡᠷᠭᠡᠵᠢᠯ᠎ᠤᠨ ᠪᠤᠯᠪᠠᠰᠤᠷᠠᠭᠤᠯᠤᠯ ᠬᠥᠬᠡᠬᠣᠲᠠ᠎ᠳᠤ ᠶᠠᠪᠤᠭᠳᠠᠪᠠ
ᠮᠠᠨ᠎ᠤ ᠣᠷᠣᠨ 1032 ᠭᠤᠣᠯ ᠪᠤᠯᠬᠤ ᠲᠠᠷᠢᠮᠠᠯ᠎ᠤᠨ ᠡᠭᠦᠯᠳᠡᠷ᠎ᠢ ᠪᠡᠶ᠎ᠡ᠎ᠪᠠᠨ ᠳᠠᠭ᠋ᠠᠭ᠋ᠠᠵᠤ ᠰᠣᠩᠭᠤᠨ ᠪᠣᠶ᠋ᠢᠵᠢᠭᠤᠯᠪᠠ
ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ ᠬᠣᠭ ᠨᠣᠪᠰᠢ ᠵᠢ ᠲᠥᠷᠥᠯ ᠬᠤᠪᠢᠶᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠠᠪᠤᠭᠳᠠᠭᠤᠯᠪᠠ
 
             蒙ICP备05000248号