ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ ᠬᠢᠭᠡᠳ ᠮᠠᠨ᠎ᠤ ᠲᠣᠪᠴᠢᠶ᠎ᠠ ᠨᠤᠲᠤᠭ ᠪᠡᠯᠴᠢᠭᠡᠷ᠎ᠤᠨ ᠬᠣᠶᠠᠳᠤᠭ᠋ᠠᠷ ᠡᠭᠡᠯᠵᠢ ᠵᠢᠨ ᠳᠠᠭ᠋ᠠᠭ᠋ᠠᠴᠢᠯᠠᠯᠲᠠ ᠵᠢ ᠬᠤᠭᠤᠴᠠᠭ᠎ᠠ ᠵᠢ ᠤᠷᠲᠤᠳᠬᠠᠬᠤ ᠠᠵᠢᠯ᠎ᠢ ᠥᠷᠨᠢᠭᠦᠯᠬᠦ ᠲᠤᠬᠠᠶ ᠪᠠᠶ᠋ᠢᠴᠠᠭ᠋ᠠᠨ ᠰᠤᠳᠤᠯᠤᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-03


   3 ᠰᠠᠷ᠎ᠠ ᠵᠢᠨ 25᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠰᠦᠨ ᠨᠤᠸᠠᠨ ᠨᠠᠷ ᠮᠠᠨ᠎ᠤ ᠲᠣᠪᠴᠢᠶ᠎ᠠ᠎ᠳᠤ ᠬᠦᠷᠴᠦ ᠬᠣᠶᠠᠳᠤᠭ᠋ᠠᠷ ᠡᠭᠡᠯᠵᠢ ᠵᠢᠨ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢ ᠤᠷᠲᠤᠳᠬᠠᠬᠤ ᠠᠵᠢᠯ᠎ᠤᠨ ᠠᠷᠭ᠎ᠠ ᠬᠡᠮᠵᠢᠶ᠎ᠡ ᠵᠢ ᠰᠤᠳᠤᠯᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠭᠢᠯᠲᠡ ᠵᠢ ᠵᠢᠷᠤᠮᠵᠢᠭᠤᠯᠬᠤ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠶᠠᠷᠢᠯᠴᠠᠬᠤ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠬᠠᠮᠢᠶ᠎ᠠ ᠪᠥᠬᠥᠶ ᠭᠠᠵᠠᠷ ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠠᠮᠢᠶ᠎ᠠ ᠪᠥᠬᠥᠶ ᠭᠠᠵᠠᠷ ᠲᠠᠰᠤᠭ᠎ᠤᠨ  ᠬᠠᠷᠢᠭᠤᠴᠠᠯᠭ᠋ᠠᠲᠠᠨ ᠨᠥᠬᠥᠳ ᠣᠷᠣᠯᠴᠠᠵᠠᠶ᠃ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ  ᠲᠤᠪᠴᠢᠶ᠎ᠠ ᠵᠢᠨ ᠥᠪᠥᠷ ᠮᠣᠩᠭᠣᠯ᠎ᠳᠤ ᠰᠠᠭᠤᠭ᠎ᠠ ᠲᠤᠰᠬᠠᠢ ᠲᠤᠰᠢᠶᠠᠯᠲᠠᠨ᠎ᠤ ᠠᠯᠪᠠᠨ ᠭᠡᠷ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠯᠢᠦ ᠰᠢᠶᠤᠤ ᠵᠢᠶᠦ᠋ᠨ ᠲᠤᠰ ᠤᠳᠠᠭ᠎ᠠ ᠵᠢᠨ ᠶᠠᠷᠢᠯᠴᠠᠬᠤ ᠬᠤᠷᠠᠯ᠎ᠳᠤ ᠣᠷᠣᠯᠴᠠᠪᠠ᠃ 


W020250401347250722089 (1).png



    ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠭᠤᠤᠯᠳᠠᠭᠤ ᠮᠠᠨ᠎ᠤ ᠣᠷᠣᠨ᠎ᠤ ᠨᠤᠲᠤᠭ ᠪᠡᠯᠴᠢᠭᠡᠷ᠎ᠤᠨ ᠡᠷᠬᠡ ᠵᠢ ᠨᠤᠲᠠᠯᠠᠨ ᠳᠠᠭ᠋ᠠᠭ᠋ᠠᠴᠢᠯᠠᠭᠤᠯᠬᠤ ᠪᠠᠶ᠋ᠢᠳᠠᠯ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢ ᠤᠷᠲᠤᠳᠬᠠᠬᠤ ᠠᠵᠢᠯ᠎ᠢ ᠠᠬᠢᠭᠤᠯᠤᠭᠰᠠᠨ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠣᠬᠢᠷᠠᠭᠤᠯᠤᠯᠲᠠ ᠵᠢᠴᠢ ᠤᠯᠤᠰ᠎ᠤᠨ ᠲᠠᠯ᠎ᠠ᠎ᠠᠴᠠ ᠰᠢᠢ᠍ᠳᠪᠦᠷᠢᠯᠡᠬᠦ ᠴᠢᠬᠤᠯᠠᠲᠠᠶ ᠵᠦᠢ᠍ᠯᠡᠰ᠎ᠤᠨ ᠲᠣᠭᠣᠷᠢᠨ᠎ᠳᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠪᠠ᠃ ᠬᠣᠯᠪᠣᠭᠳᠠᠯ ᠪᠥᠬᠥᠶ ᠲᠢᠩᠬᠢᠮ ᠲᠣᠪᠴᠢᠶ᠎ᠠ ᠪᠣᠯᠤᠨ ᠭᠠᠵᠠᠷ᠎ᠤᠨ᠎ᠬᠢᠨ ᠭᠠᠵᠠᠷ ᠰᠢᠷᠣᠶ ᠵᠢ ᠤᠷᠲᠤᠳᠬᠠᠨ ᠳᠠᠭ᠋ᠠᠭ᠋ᠠᠴᠢᠯᠠᠭᠤᠯᠬᠤ ᠠᠵᠢᠯ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠡ᠃ 



W020250401347251302667.png



    ᠯᠢᠦ ᠰᠢᠶᠤᠤ ᠵᠢᠶᠦ᠋ᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠢᠯᠡᠷᠬᠡᠶ᠋ᠢᠯᠡᠬᠦ᠎ᠳᠡᠭᠡᠨ᠂ ᠥᠪᠥᠷ ᠮᠣᠩᠭᠣᠯ ᠪᠥᠬᠥ ᠤᠯᠤᠰ᠎ᠲᠤ ᠬᠠᠮᠤᠭ᠎ᠤᠨ ᠲᠡᠷᠢᠭᠦᠨ᠎ᠳᠤ ᠨᠤᠲᠤᠭ ᠪᠡᠯᠴᠢᠭᠡᠷ᠎ᠤᠨ ᠡᠷᠬᠡ ᠵᠢ ᠨᠤᠲᠠᠯᠠᠨ ᠳᠠᠭ᠋ᠠᠭ᠋ᠠᠴᠢᠯᠠᠭᠤᠯᠬᠤ ᠠᠵᠢᠯ᠎ᠢ ᠥᠷᠨᠢᠭᠦᠯᠵᠦ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠬᠠᠮᠢᠶᠠᠷᠬᠤ ᠪᠦᠲᠦᠮᠵᠢᠲᠡᠶ ᠠᠷᠭ᠎ᠠ ᠵᠠᠮ᠎ᠢ ᠬᠠᠶ᠋ᠢᠨ ᠰᠦᠪᠡᠭᠴᠢᠯᠡᠪᠠ᠂ ᠲᠠᠷᠠᠭ᠋ᠠᠴᠢ ᠵᠢᠨ ᠠᠯᠬᠤᠮ᠎ᠳᠤ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢ ᠤᠷᠲᠤᠳᠬᠠᠬᠤ ᠠᠵᠢᠯ᠎ᠤᠨ ᠳᠤᠮᠳᠠ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ ᠵᠢᠨ ᠨᠤᠲᠤᠭ ᠪᠡᠯᠴᠢᠭᠡᠷ᠎ᠢ ᠬᠠᠮᠠᠭ᠋ᠠᠯᠠᠵᠤ ᠬᠢᠨᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠲᠣᠭᠲᠠᠭ᠋ᠠᠯ ᠪᠠ ᠬᠠᠤᠯᠢ ᠴᠠᠭ᠋ᠠᠵᠠ᠎ᠠᠴᠠ ᠵᠥᠷᠢᠴᠡᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠰᠠᠨᠠᠭᠤᠯᠪᠠ᠃ ᠰᠦᠨ ᠨᠤᠸᠠᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠮᠠᠨ᠎ᠤ ᠣᠷᠣᠨ᠎ᠤ ᠨᠤᠲᠤᠭ ᠪᠡᠯᠴᠢᠭᠡᠷ᠎ᠤᠨ ᠡᠷᠬᠡ ᠵᠢ ᠨᠤᠲᠠᠯᠠᠨ ᠳᠠᠭ᠋ᠠᠭ᠋ᠠᠴᠢᠯᠠᠭᠤᠯᠬᠤ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠬᠤ ᠵᠢᠨ ᠬᠠᠮᠲᠤ ᠬᠠᠮᠢᠶ᠎ᠠ ᠪᠦᠬᠦᠢ ᠲᠢᠩᠬᠢᠮ ᠲᠤᠪᠴᠢᠶ᠎ᠠ ᠪᠣᠯᠤᠨ ᠭᠠᠵᠠᠷ᠎ᠤᠨ ᠳᠤᠷᠠᠳᠤᠭᠰᠠᠨ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠪᠡ᠃ ᠡᠭᠦᠨ᠎ᠤ ᠬᠠᠮᠲᠤ᠂ ᠮᠠᠨ᠎ᠤ ᠣᠷᠣᠨ 《ᠶᠡᠬᠡᠪᠡᠷ ᠲᠣᠭᠲᠠᠭᠤᠨ ᠪᠠᠶ᠋ᠢᠯᠭ᠋ᠠᠵᠤ᠂ ᠪᠠᠭ᠎ᠠ ᠬᠡᠪᠴᠢᠶᠡᠨ᠎ᠳᠤ ᠲᠣᠬᠢᠷᠠᠭᠤᠯᠤᠯᠲᠠ ᠬᠢᠬᠦ》 ᠵᠠᠷᠴᠢᠮ᠎ᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠬᠢᠭ᠋ᠠᠳ 30 ᠵᠢᠯ ᠤᠷᠲᠤᠳᠬᠠᠬᠤ ᠠᠵᠢᠯ᠎ᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠯᠠᠪᠳᠠᠭᠤᠨ ᠵᠶ᠋ᠠᠷ ᠲᠦᠯᠬᠢᠨ ᠠᠬᠢᠭᠤᠯᠬᠤ ᠵᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠪᠦᠬᠦ ᠤᠯᠤᠰ᠎ᠤᠨ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢ ᠤᠷᠲᠤᠳᠬᠠᠬᠤ ᠠᠵᠢᠯ᠎ᠳᠤ ᠵᠢᠷᠤᠮᠯᠠᠨ ᠳᠠᠭ᠋ᠠᠵᠤ ᠪᠣᠯᠬᠤᠶ᠋ᠢᠴᠠ᠂ ᠳᠡᠯᠭᠡᠷᠡᠭᠦᠯᠵᠦ ᠪᠣᠯᠬᠤᠶ᠋ᠢᠴᠠ ᠥᠪᠥᠷ ᠮᠣᠩᠭᠣᠯ᠎ᠤᠨ ᠲᠤᠷᠰᠢᠯᠭ᠎ᠠ ᠵᠢ ᠬᠠᠶ᠋ᠢᠨ ᠰᠦᠪᠡᠭᠴᠢᠯᠡᠬᠦ ᠬᠡᠷᠡᠭᠲᠡᠶ ᠭᠡᠵᠦ ᠱᠠᠭ᠋ᠠᠷᠳᠠᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠂ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠳᠤ ᠬᠦᠷᠴᠦ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠪᠠ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠪᠦᠯᠬᠦᠮ ᠳᠠᠭ᠋ᠠᠭᠤᠯᠤᠨ ᠬᠥᠬᠡᠬᠣᠲᠠ ᠵᠢᠨ ᠡᠷᠭᠢᠨ ᠲᠣᠭᠣᠷᠢᠨ᠎ᠤ ᠬᠠᠩᠰᠢ ᠵᠢᠨ ᠡᠳᠦᠷ᠎ᠤᠨ ᠭᠠᠯ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠪᠠ
ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠬᠢ ᠮᠣᠳᠣᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ 《ᠨᠣᠭᠣᠭ᠋ᠠᠨ ᠰᠡᠯᠡᠮ᠎ᠡ 2025 ᠠᠵᠢᠯᠯᠠᠭ᠎ᠠ》 ᠪᠥᠬᠥ ᠲᠠᠯ᠎ᠠ᠎ᠪᠠᠷ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠢ ᠪᠠᠶ᠋ᠢᠷᠢᠯᠠᠭᠤᠯᠪᠠ
2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠭᠵᠢᠯᠲᠡ ᠵᠢᠨ ᠶᠡᠷᠦᠩᠬᠡᠢ᠌ᠯᠡᠭᠰᠡᠨ ᠪᠠᠢ᠌ᠴᠠᠭ᠋ᠠᠯᠳᠠ ᠵᠢᠨ ᠮᠡᠷᠭᠡᠵᠢᠯ᠎ᠤᠨ ᠪᠤᠯᠪᠠᠰᠤᠷᠠᠭᠤᠯᠤᠯ ᠬᠥᠬᠡᠬᠣᠲᠠ᠎ᠳᠤ ᠶᠠᠪᠤᠭᠳᠠᠪᠠ
 
             蒙ICP备05000248号