ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠪᠦᠯᠬᠦᠮ ᠳᠠᠭ᠋ᠠᠭᠤᠯᠤᠨ ᠬᠥᠬᠡᠬᠣᠲᠠ ᠵᠢᠨ ᠡᠷᠭᠢᠨ ᠲᠣᠭᠣᠷᠢᠨ᠎ᠤ ᠬᠠᠩᠰᠢ ᠵᠢᠨ ᠡᠳᠦᠷ᠎ᠤᠨ ᠭᠠᠯ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠪᠠ
ᠨᠡᠶ᠋ᠢᠲᠡᠯᠡᠭᠰᠡᠨ ᠴᠠᠭ᠄ 2025-04-07

   
     ᠬᠠᠩᠰᠢ ᠵᠢᠨ ᠬᠤᠭᠤᠴᠠᠭ᠋ᠠᠨ᠎ᠳᠤ᠂ ᠲᠠᠬᠢᠯᠭ᠎ᠠ᠂ ᠬᠦᠳᠡᠭᠡᠯᠡᠬᠦ ᠵᠡᠷᠭᠡ ᠠᠵᠢᠯᠯᠠᠭ᠎ᠠ ᠣᠯᠠᠰᠢᠷᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ ᠪᠠᠴᠢᠮ ᠶᠠᠭ᠋ᠠᠷᠠᠯᠳᠠᠢ ᠪᠠᠢ᠌ᠳᠠᠯ᠎ᠳᠤ ᠤᠷᠤᠭᠰᠠᠨ ᠪᠠᠢ᠌ᠨ᠎ᠠ᠃ ᠬᠠᠩᠰᠢ ᠵᠢᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ 4 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠳᠤᠭᠤᠶ᠋ᠢᠯᠠᠩ ᠳᠠᠭ᠋ᠠᠭᠤᠯᠤᠨ ᠬᠥᠬᠡᠬᠣᠲᠠ ᠵᠢᠨ ᠡᠷᠬᠢᠨ ᠲᠣᠭᠣᠷᠢᠨ᠎ᠳᠤ ᠬᠦᠷᠴᠦ ᠬᠠᠩᠰᠢ ᠵᠢᠨ ᠡᠳᠦᠷ᠎ᠤᠨ ᠭᠠᠯ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ᠃ ᠠᠵᠢᠯᠯᠠᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠰᠠᠶ᠋ᠢᠬᠠᠨ ᠲᠣᠭᠣᠷᠢᠭ᠎ᠤᠨ ᠬᠠᠭᠤᠷᠠᠶ ᠭᠤᠤᠯ ᠲᠣᠰᠬᠣᠨ᠂ ᠤᠰᠤᠲᠤ ᠤᠯᠤᠰ᠎ᠤᠨ ᠣᠶ ᠰᠢᠭᠤᠶ ᠵᠢᠨ ᠴᠡᠴᠡᠷᠯᠢᠭ᠂ ᠰᠢᠨ᠎ᠡ ᠬᠣᠲᠠ ᠲᠣᠭᠣᠷᠢᠭ᠎ᠤᠨ ᠬᠠᠯᠠᠭ᠋ᠠᠶ ᠲᠣᠰᠬᠣᠨ ᠵᠡᠷᠭᠡ ᠭᠠᠵᠠᠷ᠎ᠤᠨ ᠰᠢᠭᠤᠶ᠋ᠢᠲᠤ ᠣᠷᠣᠨ᠂ ᠭᠠᠯ ᠰᠡᠷᠭᠡᠶ᠋ᠢᠯᠡᠬᠦ ᠪᠠᠶ᠋ᠢᠴᠠᠭ᠋ᠠᠯᠲᠠ ᠵᠢᠨ ᠥᠷᠲᠡᠭᠡ᠂ ᠭᠠᠯ ᠤᠨᠲᠠᠷᠠᠭ᠋ᠠᠬᠤ ᠠᠩᠭᠢ ᠵᠢᠨ ᠬᠤᠸᠠᠷᠠᠨ ᠵᠢᠴᠢ ᠭᠠᠯ ᠰᠡᠷᠭᠡᠶ᠋ᠢᠯᠡᠬᠦ ᠡᠳ᠋ ᠪᠣᠳᠠᠰ ᠨᠥᠭᠡᠴᠡᠯᠡᠬᠦ ᠬᠥᠮᠥᠷᠭᠡ ᠵᠡᠷᠭᠡ ᠵᠠᠩᠭᠢᠯᠠᠭ᠎ᠠ ᠵᠢᠨ ᠣᠷᠣᠨ ᠪᠦᠰᠡ᠎ᠳᠤ ᠭᠦᠨᠵᠡᠭᠡᠶ᠋ᠢᠷᠡᠵᠦ᠂ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ᠂ ᠭᠠᠯ ᠰᠡᠷᠭᠡᠶ᠋ᠢᠯᠡᠬᠦ ᠡᠳ᠋ ᠪᠣᠳᠠᠰ᠎ᠢ ᠨᠥᠭᠡᠴᠡᠯᠡᠬᠦ᠂ ᠭᠠᠯ ᠰᠡᠷᠭᠡᠶ᠋ᠢᠯᠡᠬᠦ ᠲᠥᠬᠥᠭᠡᠷᠦᠮᠵᠢ ᠵᠢᠨ ᠠᠵᠢᠯᠯᠠᠭ᠋ᠠᠨ᠂ ᠣᠶ ᠰᠢᠭᠤᠶ ᠵᠢᠨ ᠬᠠᠮᠠᠭ᠋ᠠᠯᠠᠭᠴᠢ ᠵᠢᠨ ᠵᠢᠵᠢᠭᠦᠷᠯᠡᠨ ᠰᠠᠬᠢᠬᠤ ᠠᠵᠢᠢ ᠵᠢᠴᠢ ᠭᠠᠯ ᠰᠡᠷᠭᠡᠶ᠋ᠢᠯᠡᠬᠦ ᠤᠬᠠᠭᠤᠯᠭ᠎ᠠ ᠬᠥᠮᠦᠵᠢᠯ ᠵᠡᠷᠭᠡ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃ ᠭᠠᠯ ᠰᠡᠷᠭᠡᠶ᠋ᠢᠯᠡᠯᠲᠡ ᠵᠢᠨ ᠪᠠᠶ᠋ᠢᠴᠠᠭ᠋ᠠᠬᠤ ᠥᠷᠲᠡᠭᠡ ᠵᠢᠨ ᠨᠠᠰᠢ ᠴᠠᠰᠢ ᠥᠩᠭᠡᠷᠡᠬᠦ ᠬᠥᠮᠦᠰ ᠪᠠ ᠲᠡᠷᠭᠡ ᠬᠥᠰᠬᠡ ᠵᠢᠨ ᠳᠠᠩᠰᠠᠯᠠᠯᠳᠠ᠂ ᠭᠠᠯ᠎ᠤᠨ ᠰᠤᠷᠪᠤᠯᠵᠢ᠎ᠳᠤ ᠬᠤᠯᠪᠤᠭᠳᠠᠭᠰᠠᠨ ᠡᠳ᠋ ᠪᠤᠳᠠᠰ᠎ᠠᠴᠠ ᠲᠦᠯᠦᠪᠦᠷᠢ ᠠᠪᠬᠤ ᠵᠡᠷᠭᠡ ᠠᠵᠢᠯ᠎ᠤᠨ ᠪᠠᠢ᠌ᠳᠠᠯ᠎ᠢ ᠨᠠᠷᠢᠨ ᠤᠢ᠌ᠯᠠᠭ᠋ᠠᠵᠤ᠂ ᠡᠳ᠋ ᠪᠠᠷᠠᠭ᠎ᠠ ᠨᠥᠭᠡᠴᠡᠯᠡᠬᠦ ᠬᠥᠮᠥᠷᠭᠡ᠎ᠳᠠᠬᠢ ᠡᠯ᠎ᠡ ᠲᠥᠷᠥᠯ᠎ᠤᠨ ᠭᠠᠯ ᠰᠡᠷᠭᠡᠶ᠋ᠢᠯᠡᠬᠦ ᠡᠳ᠋ ᠪᠠᠷᠠᠭ᠎ᠠ ᠵᠢᠨ ᠲᠣᠭ᠎ᠠ ᠬᠡᠮᠵᠢᠶ᠎ᠡ᠂ ᠲᠥᠷᠥᠯ ᠵᠦᠢ᠍ᠯ ᠵᠢᠴᠢ  ᠬᠠᠮᠢᠶᠠᠷᠤᠨ ᠬᠠᠮᠠᠭ᠋ᠠᠯᠠᠵᠤ ᠪᠠᠶ᠋ᠢᠭ᠎ᠠ ᠪᠠᠶ᠋ᠢᠳᠠᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠭᠰᠠᠨ ᠪᠠᠢ᠌ᠨ᠎ᠠ᠃


W020250405308379455016.png



    ᠪᠠᠶ᠋ᠢᠴᠠᠭ᠋ᠠᠬᠤ ᠶᠠᠪᠤᠴᠠ᠎ᠳᠤ᠂ ᠳᠡᠳ᠋ ᠲᠣᠪᠴᠢᠶᠠᠨ ᠳᠠᠷᠤᠭ᠎ᠠ ᠲᠢᠶᠸ ᠨᠢᠤ ᠬᠥᠬᠡᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠲᠠᠯ᠎ᠠ᠎ᠪᠠᠷ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠬᠤ ᠵᠢᠨ ᠬᠠᠮᠲᠤ ᠣᠳᠣᠬᠠᠨ᠎ᠤ ᠠᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠪᠠ᠄  ᠨᠢᠭᠡ᠎ᠳᠤ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠬᠤ ᠬᠡᠷᠡᠭᠲᠡᠢ; ᠬᠣᠶᠠᠷ᠎ᠲᠤ᠂ ᠭᠠᠯ᠎ᠤᠨ ᠰᠤᠷᠪᠤᠯᠵᠢ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠵᠤ᠂ ᠭᠠᠯ᠎ᠤᠨ ᠠᠶᠤᠯ᠎ᠤᠨ ᠲᠠᠯᠳᠠ ᠭᠡᠮ᠎ᠢ ᠠᠷᠢᠯᠭ᠋ᠠᠬᠤ ᠬᠡᠷᠡᠭᠲᠡᠢ; ᠭᠤᠷᠪᠠ᠎ᠳᠤ᠂ ᠤᠬᠠᠭᠤᠯᠭ᠎ᠠ ᠵᠢᠨ ᠡᠷᠴᠢᠮ ᠵᠶ᠋ᠠᠨ ᠨᠡᠮᠡᠭᠳᠡᠭᠦᠯᠵᠦ᠂ ᠭᠠᠯ ᠰᠡᠷᠭᠡᠶ᠋ᠢᠯᠡᠬᠦ ᠦᠵᠡᠯ ᠤᠬᠠᠮᠰᠠᠷ ᠵᠶ᠋ᠠᠨ ᠨᠡᠮᠡᠭᠳᠡᠭᠦᠯᠬᠦ ᠬᠡᠷᠡᠭᠲᠡᠶ; ᠳᠥᠷᠪᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ; ᠲᠠᠪᠤ᠎ᠳᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠩᠭ᠋ᠠᠳᠬᠠᠭᠰᠠᠨ ᠪᠠᠢ᠌ᠨ᠎ᠠ᠃


W020250405308380896367.png


 
     ᠲᠣᠰ ᠤᠳᠠᠭ᠋ᠠᠨ᠎ᠤ ᠪᠠᠶ᠋ᠢᠴᠠᠭ᠋ᠠᠯᠲᠠ᠎ᠨᠢ ᠬᠥᠬᠡᠬᠣᠲᠠ ᠵᠢᠨ ᠡᠷᠬᠢᠨ ᠲᠣᠭᠣᠷᠢᠨ᠎ᠤ ᠭᠠᠵᠠᠷ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠩᠰᠢ ᠵᠢᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃


W020250405308381144204.png



     ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯ᠎ᠡ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠬᠢᠨᠠᠨ ᠵᠢᠯᠣᠭᠣᠳᠴᠤ ᠪᠠᠶ᠋ᠢᠴᠠᠭ᠋ᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃

W020250405308381538270.png



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠬᠢ ᠮᠣᠳᠣᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ 《ᠨᠣᠭᠣᠭ᠋ᠠᠨ ᠰᠡᠯᠡᠮ᠎ᠡ 2025 ᠠᠵᠢᠯᠯᠠᠭ᠎ᠠ》 ᠪᠥᠬᠥ ᠲᠠᠯ᠎ᠠ᠎ᠪᠠᠷ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠢ ᠪᠠᠶ᠋ᠢᠷᠢᠯᠠᠭᠤᠯᠪᠠ
2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠭᠵᠢᠯᠲᠡ ᠵᠢᠨ ᠶᠡᠷᠦᠩᠬᠡᠢ᠌ᠯᠡᠭᠰᠡᠨ ᠪᠠᠢ᠌ᠴᠠᠭ᠋ᠠᠯᠳᠠ ᠵᠢᠨ ᠮᠡᠷᠭᠡᠵᠢᠯ᠎ᠤᠨ ᠪᠤᠯᠪᠠᠰᠤᠷᠠᠭᠤᠯᠤᠯ ᠬᠥᠬᠡᠬᠣᠲᠠ᠎ᠳᠤ ᠶᠠᠪᠤᠭᠳᠠᠪᠠ
ᠮᠠᠨ᠎ᠤ ᠣᠷᠣᠨ 1032 ᠭᠤᠣᠯ ᠪᠤᠯᠬᠤ ᠲᠠᠷᠢᠮᠠᠯ᠎ᠤᠨ ᠡᠭᠦᠯᠳᠡᠷ᠎ᠢ ᠪᠡᠶ᠎ᠡ᠎ᠪᠠᠨ ᠳᠠᠭ᠋ᠠᠭ᠋ᠠᠵᠤ ᠰᠣᠩᠭᠤᠨ ᠪᠣᠶ᠋ᠢᠵᠢᠭᠤᠯᠪᠠ
 
             蒙ICP备05000248号