ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠭᠵᠢᠯᠲᠡ ᠵᠢᠨ ᠶᠡᠷᠦᠩᠬᠡᠢ᠌ᠯᠡᠭᠰᠡᠨ ᠪᠠᠢ᠌ᠴᠠᠭ᠋ᠠᠯᠳᠠ ᠵᠢᠨ ᠮᠡᠷᠭᠡᠵᠢᠯ᠎ᠤᠨ ᠪᠤᠯᠪᠠᠰᠤᠷᠠᠭᠤᠯᠤᠯ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-05-12


     ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 5 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥᠬᠡᠬᠣᠲᠠ᠎ᠳᠤ 2025 ᠣᠨ᠎ᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠶᠡᠷᠦᠩᠬᠡᠶ᠋ᠢᠯᠡᠨ ᠪᠠᠶ᠋ᠢᠴᠠᠭ᠋ᠠᠬᠤ ᠮᠡᠷᠭᠡᠵᠢᠯ᠎ᠤᠨ ᠪᠤᠯᠪᠠᠰᠤᠷᠠᠭᠤᠯᠤᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠶᠡᠷᠦᠩᠬᠡᠶ ᠢᠨᠵᠧᠨᠧᠷ ᠺᠠᠩ ᠬᠣᠩ᠂ ᠡᠯᠡᠰᠦ ᠵᠢ ᠵᠠᠰᠠᠵᠤ ᠣᠶ᠋ᠢᠵᠢᠭᠤᠯᠬᠤ ᠭᠠᠵᠠᠷ᠎ᠤᠨ ᠳᠠᠷᠤᠭ᠎ᠠ ᠪᠦ᠋ ᠢᠦᠶ ᠴᠢᠶᠠᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠡᠯ᠎ᠡ ᠠᠵᠢᠯᠯᠠᠬᠤ ᠳᠤᠭᠤᠶ᠋ᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠣᠶᠠᠳᠤᠭ᠋ᠠᠷ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠵᠢᠨ ᠨᠡᠶ᠋ᠢᠲᠡ 50 ᠭᠠᠷᠤᠶ ᠬᠥᠮᠦᠨ ᠲᠣᠰ ᠤᠳᠠᠭ᠋ᠠᠨ᠎ᠤ ᠪᠤᠯᠪᠠᠰᠤᠷᠠᠭᠤᠯᠤᠯ᠎ᠳᠤ ᠣᠷᠣᠯᠴᠠᠪᠠ᠃


W020250509537203419709_ORIGIN.jpg



ᠺᠠᠩ ᠬᠣᠩ ᠶᠡᠷᠦᠩᠬᠡᠶ ᠢᠨᠵᠧᠨᠧᠷ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠡᠨᠡ ᠤᠳᠠᠭ᠎ᠠ ᠵᠢᠨ ᠪᠤᠯᠪᠠᠰᠤᠷᠠᠭᠤᠯᠤᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠪᠢᠳᠡᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠬᠠᠮᠠᠭ᠋ᠠᠯᠠᠯᠲᠠ ᠵᠢ ᠠᠬᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠰᠤᠷᠤᠯᠭ᠋ᠠᠲᠠᠳ ᠪᠣᠯᠪᠠᠰᠤᠷᠠᠭᠤᠯᠤᠯ᠎ᠤᠨ ᠶᠠᠪᠤᠴᠠ᠎ᠳᠠᠭᠠᠨ ᠠᠰᠠᠭᠤᠳᠠᠯ᠎ᠳᠤ ᠴᠢᠭᠯᠡᠭᠦᠯᠦᠨ ᠰᠤᠷᠤᠯᠴᠠᠵᠤ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠲᠦᠷᠢᠮ ᠲᠣᠭᠲᠠᠭ᠋ᠠᠯ᠎ᠢ ᠪᠥᠬᠥ ᠲᠠᠯ᠎ᠠ᠎ᠪᠠᠷ ᠭᠦᠨᠵᠡᠭᠡᠶ ᠰᠤᠷᠤᠯᠴᠠᠵᠤ᠂ ᠪᠠᠶ᠋ᠢᠴᠠᠭ᠋ᠠᠬᠤ ᠠᠷᠭ᠎ᠠ ᠪᠠ ᠭᠤᠤᠯᠳᠠᠯᠭ᠎ᠠ ᠵᠢ ᠪᠣᠯᠪᠠᠰᠤᠷᠠᠩᠭᠤᠶ ᠡᠵᠡᠮᠰᠢᠨ᠂ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠤᠨ ᠦᠨᠡᠨ ᠪᠣᠳᠠᠲᠠᠶ ᠪᠥᠭᠡᠳ ᠨᠠᠶ᠋ᠢᠳᠠᠪᠤᠷᠢᠲᠠᠶ ᠪᠠᠶ᠋ᠢᠬᠤ᠂ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠦᠨᠡᠨᠬᠦ ᠪᠠᠲᠤᠯᠠᠬᠤ ᠬᠡᠷᠡᠭᠲᠡᠶ᠃ ᠪᠠᠶ᠋ᠢᠴᠠᠭ᠋ᠠᠯᠲᠠ ᠵᠢᠨ ᠳᠠᠷᠠᠭ᠋ᠠᠬᠢ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠬᠤᠷᠢᠶᠠᠩᠭᠤᠶ᠋ᠢᠯᠠᠨ ᠬᠠᠷᠢᠭᠤ ᠲᠤᠰᠬᠠᠵᠤ᠂ ᠪᠠᠶ᠋ᠢᠴᠠᠭ᠋ᠠᠭᠳᠠᠭᠰᠠᠨ ᠠᠶ᠋ᠢᠮᠠᠭ ᠬᠣᠲᠠ ᠵᠢ ᠰᠢᠮᠳᠠᠭᠤᠯᠵᠤ ᠪᠠᠶ᠋ᠢᠭ᠋ᠠᠳ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠪᠦ᠋ ᠢᠦᠶ ᠴᠢᠶᠠᠩ ᠭᠠᠵᠠᠷ᠎ᠤᠨ ᠳᠠᠷᠤᠭ᠎ᠠ ᠴᠢᠬᠤᠯᠠᠴᠢᠯᠠᠭᠰᠠᠨ᠎ᠨᠢ᠂ ᠰᠤᠷᠤᠭᠴᠢᠳ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠰᠤᠷᠤᠯᠴᠠᠬᠤ ᠲᠣᠬᠢᠶᠠᠯ ᠵᠶ᠋ᠠᠨ ᠨᠠᠨᠳᠢᠩᠨᠠᠵᠤ᠂ ᠪᠤᠯᠪᠠᠰᠤᠷᠠᠭᠤᠯᠤᠯ᠎ᠤᠨ ᠬᠤᠭᠤᠴᠠᠭ᠋ᠠᠨ᠎ᠳᠤ  ᠰᠤᠷᠤᠯᠴᠠᠬᠤ᠂ ᠰᠡᠳᠬᠢᠬᠦ᠂ ᠣᠶ᠋ᠢᠯᠠᠭ᠋ᠠᠬᠤ ᠵᠢ ᠤᠶᠠᠯᠳᠤᠭᠤᠯᠬᠤ ᠬᠡᠷᠡᠭᠲᠡᠶ᠂ ᠡᠭᠦᠨ᠎ᠤ ᠬᠠᠮᠲᠤ ᠰᠠᠬᠢᠯᠭ᠎ᠠ ᠪᠠᠲᠤ ᠵᠢ ᠠᠩᠬᠠᠷᠴᠤ᠂  ᠪᠤᠯᠪᠠᠰᠤᠷᠠᠭᠤᠯᠤᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃


W020250509537205234393_ORIGIN.jpg



   ᠲᠣᠰ ᠤᠳᠠᠭ᠋ᠠᠨ᠎ᠤ ᠪᠤᠯᠪᠠᠰᠤᠷᠠᠭᠤᠯᠤᠯ᠎ᠤᠨ ᠠᠭᠤᠯᠭ᠎ᠠ ᠪᠠᠶᠠᠯᠢᠭ᠂ ᠭᠣᠣᠯ ᠰᠡᠳᠦᠪ ᠲᠣᠳᠣᠷᠬᠠᠢ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠤᠨ ᠣᠶ ᠰᠢᠭᠤᠶ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠭᠠᠵᠠᠷ᠎ᠤᠨ ᠳᠠᠷᠤᠭ᠎ᠠ ᠸᠠᠩ ᠶᠣᠣ ᠵᠢ ᠤᠷᠢᠪᠠ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠮᠠᠷᠠᠲᠤ ᠵᠢᠨ ᠭᠤᠷᠪᠠᠨ ᠤᠷᠤᠨ᠎ᠤ ᠭᠤᠷᠪᠠᠳᠤᠭ᠋ᠠᠷ ᠲᠣᠪᠴᠢᠶ᠎ᠠ ᠵᠢᠨ ᠣᠶ᠋ᠢᠵᠢᠭᠤᠯᠵᠤ ᠨᠣᠭᠣᠭ᠋ᠠᠷᠠᠭᠤᠯᠬᠤ ᠭᠠᠵᠠᠷ᠎ᠤᠨ ᠳᠠᠷᠤᠭ᠎ᠠ ᠵᠠᠩ ᠵᠥᠩ ᠵᠢᠤᠢ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠪᠠᠷᠠᠭᠤᠨ ᠡᠮᠦᠨᠡᠲᠦ ᠵᠢᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠭᠠᠵᠠᠷ᠎ᠤᠨ ᠳᠠᠷᠤᠭ᠎ᠠ ᠯᠢᠦ ᠶᠦᠩ ᠵᠢᠶᠧ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠳ᠋᠎ᠤᠨ ᠶᠠᠪᠤᠳᠠᠯ᠎ᠤᠨ ᠲᠦᠯᠦᠪᠵᠢᠬᠦᠯᠭᠡ ᠵᠢᠨ ᠭᠠᠵᠠᠷ᠎ᠤᠨ ᠳᠡᠳ᠋ ᠭᠠᠵᠠᠷ᠎ᠤᠨ ᠳᠠᠷᠤᠭ᠎ᠠ ᠵᠠᠩ ᠶᠠᠩ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠵᠢᠨ ᠳᠡᠭᠡᠳᠦ ᠵᠡᠷᠭᠡ ᠵᠢᠨ ᠢᠨᠵᠧᠨᠧᠷ ᠯᠢ ᠵᠢᠶᠠᠨ ᠭᠦᠸᠧ ᠵᠡᠷᠭᠡ ᠲᠤᠰᠬᠠᠶ ᠮᠡᠷᠭᠡᠵᠢᠯᠲᠡᠨ ᠲᠠᠢ᠌ᠯᠤᠮᠵᠢ ᠬᠢᠪᠠ᠃ ᠲᠠᠢ᠌ᠯᠤᠮᠵᠢ᠎ᠨᠢ 《ᠭᠤᠤᠯᠳᠠᠯᠭ᠎ᠠ᠎ᠲᠠᠢ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠲᠥᠷᠥᠯ ᠵᠦᠢ᠍ᠯ᠎ᠤᠨ ᠪᠥᠬᠥ ᠶᠠᠪᠤᠴᠠ ᠵᠢᠨ ᠬᠠᠮᠢᠶᠠᠷᠤᠯᠲᠠ ᠵᠢᠴᠢ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠤᠨ ᠦᠨᠡᠯᠡᠯᠲᠡ》 ᠵᠢ ᠬᠠᠮᠤᠷᠴᠤ᠂ 《〈ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠤᠨ ᠦᠨᠡᠯᠡᠯᠲᠡ ᠵᠢᠨ ᠮᠡᠷᠭᠡᠵᠢᠯ᠎ᠤᠨ ᠵᠢᠷᠤᠮᠵᠢᠯ〉᠎ᠤᠨ ᠨᠤᠲᠤᠭ ᠪᠡᠯᠴᠢᠭᠡᠷ᠎ᠤᠨ ᠬᠠᠮᠢᠶ᠎ᠠ ᠪᠥᠬᠥᠶ ᠭᠦᠢ᠍ᠴᠡᠳᠬᠡᠯ ᠲᠣᠭ᠎ᠠ ᠵᠢᠨ ᠲᠠᠶ᠋ᠢᠯᠤᠮᠵᠢ》᠂ 《〈ᠤᠮᠠᠷᠠᠲᠤ ᠵᠢᠨ ᠭᠤᠷᠪᠠᠨ ᠤᠷᠤᠨ〉 ᠎ᠤ ᠢᠨᠵᠧᠨᠧᠷᠢᠩ᠎ᠤᠨ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ》 ᠵᠡᠷᠭᠡ ᠠᠭᠤᠯᠭ᠎ᠠ ᠵᠢ ᠲᠤᠰᠬᠠᠶ ᠮᠡᠷᠭᠡᠵᠢᠯᠲᠡᠳ  ᠦᠢ᠍ᠯᠡᠳᠦᠯᠭᠡ ᠵᠢᠨ ᠲᠤᠷᠰᠢᠯᠭ᠎ᠠ᠎ᠲᠠᠢ᠎ᠪᠠᠨ ᠤᠶᠠᠯᠳᠤᠭᠤᠯᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠳᠦᠷᠢᠮ᠎ᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠎ᠪᠠᠷ ᠲᠠᠶ᠋ᠢᠯᠪᠤᠷᠢᠯᠠᠪᠠ᠃ ᠪᠤᠯᠪᠠᠰᠤᠷᠠᠭᠤᠯᠤᠯ᠎ᠳᠤ ᠤᠷᠤᠯᠴᠠᠭᠰᠠᠳ᠂ ᠡᠨᠡ ᠤᠳᠠᠭ᠎ᠠ ᠵᠢᠨ  ᠪᠤᠯᠪᠠᠰᠤᠷᠠᠭᠤᠯᠤᠯ᠎ᠤᠨ ᠠᠭᠤᠯᠭ᠎ᠠ ᠪᠠᠶᠠᠯᠢᠭ᠂ ᠬᠡᠷᠡᠭᠯᠡᠭᠡᠨ᠎ᠤ ᠴᠢᠨᠠᠷ ᠴᠢᠩᠭ᠎ᠠ᠂ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠥᠷᠨᠢᠭᠦᠯᠬᠦ᠎ᠳᠤ ᠮᠠᠰᠢ ᠴᠢᠩᠭ᠎ᠠ ᠵᠢᠯᠣᠭᠣᠳᠬᠤ ᠠᠴᠢ ᠬᠣᠯᠪᠣᠭᠳᠠᠯ ᠭᠡᠵᠦ ᠢᠯᠡᠷᠬᠡᠢ᠌ᠯᠡᠪᠡ᠃
     ᠲᠣᠰ ᠤᠳᠠᠭ᠋ᠠᠨ᠎ᠤ ᠪᠤᠯᠪᠠᠰᠤᠷᠠᠭᠤᠯᠤᠯ᠎ᠨᠢ ᠬᠥᠮᠦᠰ᠎ᠤᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠳᠠᠯ ᠥᠬᠡᠶ ᠥᠷᠨᠢᠭᠦᠯᠬᠦ᠎ᠪᠠᠷ ᠪᠠᠶ᠋ᠢᠭ᠎ᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠠᠵᠢᠯ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ 1032 ᠭᠤᠣᠯ ᠪᠤᠯᠬᠤ ᠲᠠᠷᠢᠮᠠᠯ᠎ᠤᠨ ᠡᠭᠦᠯᠳᠡᠷ᠎ᠢ ᠪᠡᠶ᠎ᠡ᠎ᠪᠠᠨ ᠳᠠᠭ᠋ᠠᠭ᠋ᠠᠵᠤ ᠰᠣᠩᠭᠤᠨ ᠪᠣᠶ᠋ᠢᠵᠢᠭᠤᠯᠪᠠ
ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ ᠬᠣᠭ ᠨᠣᠪᠰᠢ ᠵᠢ ᠲᠥᠷᠥᠯ ᠬᠤᠪᠢᠶᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠠᠪᠤᠭᠳᠠᠭᠤᠯᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 2025 ᠣᠨ᠎ᠤ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢ᠍ᠯ᠎ᠢ ᠲᠣᠭᠲᠠᠭ᠋ᠠᠬᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ (2024 ᠣᠨ)》 ᠵᠢ ᠨᠡᠶ᠋ᠢᠲᠡᠯᠡᠪᠡ
 
             蒙ICP备05000248号