ᠣᠶ᠋ᠢᠷ᠎ᠠ ᠵᠢᠨ ᠵᠢᠯ᠎ᠳᠤ ᠮᠠᠨ᠎ᠤ ᠣᠷᠣᠨ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠡᠷᠴᠢᠮᠲᠡᠢ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠨᠡᠷᠡᠨ ᠬᠤᠸᠠᠷ᠂ ᠲᠥᠮᠥᠰᠥ ᠵᠡᠷᠭᠡ ᠳᠠᠪᠠᠭᠤᠯᠢᠭ᠎ᠲᠤ ᠲᠠᠷᠢᠮᠠᠯ᠎ᠤᠨ ᠲᠣᠭᠤᠷᠢᠨ᠎ᠳᠤ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠦᠷᠭᠦᠯᠵᠢᠯᠡᠨ ᠴᠢᠩᠭ᠋ᠠᠳᠬᠠᠵᠤ᠂ ᠡᠬᠢ ᠪᠠᠶᠠᠯᠢᠭ᠂ ᠮᠡᠷᠭᠡᠵᠢᠯ᠂ ᠴᠢᠳᠠᠪᠤᠷᠢᠲᠠᠨ ᠪᠠ ᠬᠥᠷᠥᠩᠭᠡ ᠵᠡᠷᠭᠡ ᠬᠦᠴᠦᠨ ᠵᠦᠢ᠍ᠯ᠎ᠢ ᠭᠤᠣᠯᠳᠠᠯᠭ᠎ᠠ᠎ᠲᠠᠢ ᠳᠠᠪᠠᠭᠤᠯᠢᠭ᠎ᠲᠤ ᠠᠵᠤ ᠠᠬᠤᠶ᠋ᠢᠯᠠᠯ᠎ᠳᠤ ᠲᠥᠪᠯᠡᠷᠡᠭᠦᠯᠦᠨ᠂ ᠦᠷ᠎ᠡ ᠵᠢᠨ ᠢᠷᠡᠯᠲᠡ ᠵᠢᠨ 《ᠪᠣᠭᠤᠮᠢ》 ᠵᠢᠨ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠥᠷᠨᠢᠭᠦᠯᠵᠦ᠂ ᠨᠡᠯᠢᠶᠡᠳ ᠰᠠᠶ᠋ᠢᠨ ᠦᠷ᠎ᠡ ᠪᠦᠲᠦᠮᠵᠢ ᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ ᠮᠠᠨ᠎ᠤ ᠣᠷᠣᠨ 1032 ᠭᠤᠣᠯ ᠪᠤᠯᠬᠤ ᠲᠠᠷᠢᠮᠠᠯ᠎ᠤᠨ ᠡᠭᠦᠯᠳᠡᠷ᠎ᠢ ᠪᠡᠶ᠎ᠡ᠎ᠪᠠᠨ ᠳᠠᠭ᠋ᠠᠭ᠋ᠠᠵᠤ ᠰᠣᠩᠭᠤᠨ ᠪᠣᠶ᠋ᠢᠵᠢᠭᠤᠯᠵᠤ᠂ ᠰᠠᠶ᠋ᠢᠨ ᠡᠭᠦᠯᠳᠡᠷ᠎ᠤᠨ ᠨᠠᠷᠢᠮᠤ 《ᠵᠢᠨ ᠮᠢᠶᠤᠤ K1》 ᠵᠢ ᠳᠡᠯᠭᠡᠷᠡᠭᠦᠯᠵᠦ ᠳᠠᠷᠢᠭᠰᠠᠨ ᠲᠠᠯᠠᠪᠠᠢ 3 ᠵᠢᠯ ᠳᠠᠷᠠᠭ᠋ᠠᠯᠠᠨ ᠪᠦᠭᠦ ᠤᠯᠤᠰ᠎ᠤᠨ ᠡᠮᠦᠨ᠎ᠡ ᠭᠤᠷᠪᠠ᠎ᠳᠤ ᠣᠷᠣᠵᠤ᠂ ᠰᠠᠶ᠋ᠢᠨ ᠡᠭᠦᠯᠳᠡᠷ᠎ᠤᠨ ᠰᠢᠷ᠎ᠠ ᠪᠤᠷᠴᠠᠭ 《ᠳ᠋ᠧᠩ ᠺᠧ 5 ᠳ᠋ᠤᠭ᠋ᠠᠷ ᠨᠣᠮᠧᠷᠲᠤ》 ᠪᠣᠯᠣᠨ 《ᠮᠧᠩ ᠳ᠋ᠧᠦ 1137》 ᠤᠯᠤᠰ᠎ᠤᠨ ᠭᠤᠣᠯ ᠳᠡᠯᠭᠡᠷᠡᠭᠦᠯᠬᠦ ᠡᠭᠦᠯᠳᠡᠷ᠎ᠤᠨ ᠨᠡᠷᠡᠰ᠎ᠲᠤ ᠰᠣᠩᠭᠤᠬᠳᠠᠪᠠ; ᠰᠠᠶ᠋ᠢᠨ ᠡᠭᠦᠯᠳᠡᠷ᠎ᠤᠨ ᠨᠡᠷᠡᠨ ᠬᠤᠸᠠᠷ 《SH36》 ᠪᠠ 《SH363》 ᠵᠢ ᠳᠡᠯᠭᠡᠷᠡᠭᠦᠯᠵᠦ ᠳᠠᠷᠢᠭᠰᠠᠨ ᠲᠠᠯᠠᠪᠠᠶ ᠪᠦᠭᠦ ᠤᠯᠤᠰ᠎ᠤᠨ ᠡᠮᠦᠨ᠎ᠡ ᠬᠤᠶᠠᠷ᠎ᠲᠤ ᠣᠷᠣᠵᠤ᠂ ᠪᠡᠶ᠎ᠡ᠎ᠪᠠᠨ ᠳᠠᠭ᠋ᠠᠭ᠋ᠠᠵᠤ ᠪᠣᠶ᠋ᠢᠵᠢᠭᠤᠯᠤᠭᠰᠠᠨ ᠡᠭᠦᠯᠳᠡᠷ᠎ᠤᠨ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠲᠠᠬᠢ ᠡᠵᠡᠯᠡᠬᠦ ᠨᠣᠷᠮ᠎ᠠ᠎ᠨᠢ 95%᠎ᠳᠤ ᠬᠦᠷᠴᠡᠢ᠃ ᠮᠠᠨ᠎ᠤ ᠣᠷᠣᠨ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ᠂ ᠰᠠᠶ᠋ᠢᠨ ᠡᠭᠦᠯᠳᠡᠷ᠎ᠤᠨ ᠲᠠᠷᠢᠮᠠᠯ᠎ᠤᠨ ᠲᠤᠷᠰᠢᠯᠲᠠ ᠵᠢᠨ ᠲᠠᠰᠤᠭ᠎ᠠᠴᠠ ᠲᠠᠷᠢᠶᠠᠨ ᠭᠠᠵᠠᠷ᠎ᠲᠤ ᠬᠦᠷᠲᠡᠯᠡᠬᠢ 《ᠡᠴᠦᠰ᠎ᠤᠨ ᠨᠢᠭᠡ ᠺᠢᠯᠤᠮᠸᠲᠷ》 ᠢ ᠬᠦᠴᠦᠯᠡᠨ ᠨᠠᠪᠲᠠᠷᠡᠭᠦᠯᠵᠦ ᠪᠠᠶ᠋ᠢᠨ᠎ᠠ᠃
ᠣᠳᠣᠬᠠᠨ ᠪᠤᠯᠲᠠᠯ᠎ᠠ ᠮᠠᠨ᠎ᠤ ᠣᠷᠣᠨ ᠨᠡᠶ᠋ᠢᠲᠡ ᠤᠯᠤᠰ᠎ᠤᠨ ᠲᠠᠰ᠎ᠤᠨ ᠦᠷ᠎ᠡ ᠪᠣᠶ᠋ᠢᠵᠢᠭᠤᠯᠬᠤ 9 ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠷ᠎ᠡ ᠪᠣᠶ᠋ᠢᠵᠢᠭᠤᠯᠬᠤ 5 ᠲᠣᠮᠣ ᠰᠢᠶᠠᠨ ᠪᠣᠯᠣᠨ ᠣᠷᠣᠨ ᠪᠦᠰᠡ ᠵᠢᠨ ᠴᠢᠨᠠᠷᠲᠠᠢ ᠰᠠᠶ᠋ᠢᠨ ᠡᠭᠦᠯᠳᠡᠷ ᠪᠣᠶ᠋ᠢᠵᠢᠭᠤᠯᠬᠤ ᠰᠠᠭᠤᠷᠢᠨ᠎ᠢ ᠡᠭᠦᠳᠦᠨ ᠪᠠᠶ᠋ᠢᠭᠤᠯᠵᠤ᠂ ᠪᠦᠭᠦ ᠣᠷᠣᠨ᠎ᠤ ᠲᠠᠷᠢᠮᠠᠯ᠎ᠤᠨ ᠰᠠᠶ᠋ᠢᠨ ᠡᠭᠦᠯᠳᠡᠷ᠎ᠢ ᠪᠣᠶ᠋ᠢᠵᠢᠭᠤᠯᠬᠤ ᠰᠠᠭᠤᠷᠢᠨ᠎ᠤ ᠲᠠᠯᠠᠪᠠᠶ ᠵᠢ 150 ᠲᠦᠮᠡᠨ ᠮᠦ᠍ ᠵᠢ ᠳᠠᠪᠠᠭᠤᠯᠤᠨ᠂ ᠲᠥᠮᠥᠰᠥ᠂ ᠰᠢᠷ᠎ᠠ ᠪᠤᠷᠴᠠᠭ ᠪᠠ ᠡᠷᠳᠡᠨᠢ ᠰᠢᠰᠢ ᠵᠢᠨ ᠦᠷ᠎ᠡ ᠪᠣᠶ᠋ᠢᠵᠢᠭᠤᠯᠬᠤ ᠲᠠᠯᠠᠪᠠᠶ ᠲᠣᠰ ᠲᠣᠰ ᠪᠦᠭᠦ ᠤᠯᠤᠰ᠎ᠤᠨ ᠨᠢᠭᠡᠳᠦᠭᠡᠷ᠂ ᠬᠤᠶᠠᠳᠤᠭ᠋ᠠᠷ᠂ ᠳᠥᠷᠪᠡᠳᠦᠭᠡᠷ᠎ᠲᠤ ᠵᠢᠭᠰᠠᠪᠠ᠃ ᠡᠭᠦᠨ᠎ᠤ ᠬᠠᠮᠲᠤ 60 《ᠴᠢᠬᠢ ᠦᠵᠡᠵᠦ ᠦᠷ᠎ᠡ ᠰᠣᠩᠭᠤᠬᠤ》 ᠲᠠᠪᠴᠠᠩ ᠪᠠᠶ᠋ᠢᠭᠤᠯᠤᠨ᠂ ᠵᠢᠯ ᠪᠦᠷᠢ 2000 ᠭᠠᠷᠤᠢ ᠵᠦᠢ᠍ᠯ᠎ᠤᠨ ᠰᠠᠶ᠋ᠢᠨ ᠲᠠᠷᠢᠶᠠᠨ ᠦᠷ᠎ᠡ ᠵᠢ ᠲᠠᠨᠢᠯᠴᠠᠭᠤᠯᠵᠤ᠂ ᠲᠠᠷᠢᠶᠠᠴᠢᠳ᠎ᠤᠨ ᠰᠠᠶ᠋ᠢᠨ ᠦᠷ᠎ᠡ ᠵᠢ ᠰᠣᠩᠭᠤᠨ ᠲᠠᠷᠢᠵᠤ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠳᠡᠮᠵᠢᠵᠦ᠂ ᠲᠠᠷᠢᠶᠠᠯᠠᠩ᠎ᠤᠨ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢ᠎ᠲᠠᠢ ᠬᠥᠭᠵᠢᠯᠲᠡ ᠳᠤ ᠪᠦᠭᠦ ᠬᠦᠴᠦ᠎ᠪᠠᠷ ᠵᠶ᠋ᠠᠨ ᠦᠢ᠍ᠯᠡᠴᠢᠯᠡᠵᠦ ᠪᠠᠶ᠋ᠢᠨ᠎ᠠ᠃