5 ᠰᠠᠷ᠎ᠠ ᠵᠢᠨ 22᠎ᠤᠨ ᠡᠳᠦᠷ᠎ᠠᠴᠠ 28᠎ᠤ ᠡᠳᠦᠷ ᠪᠣᠯ ᠪᠥᠬᠥ ᠤᠯᠤᠰ᠎ᠤᠨ ᠬᠣᠲᠠ ᠵᠢᠨ ᠬᠣᠭ ᠨᠣᠪᠰᠢ ᠵᠢ ᠲᠥᠷᠥᠯ ᠬᠤᠪᠢᠶᠠᠬᠤ ᠤᠬᠠᠭᠤᠯᠭ᠎ᠠ ᠵᠢᠨ ᠭᠠᠷᠠᠭ ᠪᠣᠯᠤᠨ᠎ᠠ᠃ ᠨᠠᠮ᠎ᠤᠨ ᠪᠠᠶ᠋ᠢᠭᠤᠯᠤᠯᠲᠠ ᠵᠢᠨ ᠲᠥᠷᠥᠯ ᠲᠡᠮᠳᠡᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠠᠬᠢᠭᠤᠯᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠨ᠎ᠡ》 ᠭᠡᠬᠦ ᠦᠢ᠍ᠯᠡᠳᠦᠯᠭᠡ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢᠨ ᠲᠥᠯᠥᠭᠡ᠂ 5 ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠶ᠋ᠢᠨ᠎ᠠ᠂ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ ᠬᠢᠩᠭ᠋ᠠᠨ ᠡᠮᠦᠨ᠎ᠡ ᠵᠠᠮ᠎ᠤᠨ ᠨᠡᠶ᠋ᠢᠭᠡᠮ ᠲᠣᠭᠣᠷᠢᠭ᠎ᠲᠤ 《ᠲᠥᠷᠥᠯ ᠬᠤᠪᠢᠶᠠᠨ ᠵᠡᠷᠭᠡ᠎ᠪᠠᠷ ᠣᠷᠣᠯᠴᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠪ ᠵᠠᠩᠰᠢᠯ》᠎ᠤᠨ ᠬᠣᠭ ᠨᠣᠪᠰᠢ ᠵᠢ ᠲᠥᠷᠥᠯ ᠬᠤᠪᠢᠶᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠳᠤᠮᠳᠠ᠂ ᠭᠤᠤᠯ ᠪᠣᠯᠬᠤ ᠨᠠᠮ᠎ᠤᠨ ᠭᠡᠰᠢᠭᠦᠨ᠂ ᠺᠠᠳ᠋ᠷᠴᠤᠳ ᠲᠤᠬᠠᠶ ᠵᠢᠨ ᠲᠠᠯᠠᠪᠤᠷ᠎ᠲᠤ ᠲᠠᠶ᠋ᠢᠯᠪᠤᠷᠢᠯᠠᠬᠤ᠂ ᠬᠠᠷᠢᠯᠴᠠᠨ ᠠᠰᠠᠭᠤᠵᠤ ᠬᠠᠷᠢᠯᠴᠠᠨ ᠬᠠᠷᠢᠭᠤᠯᠬᠤ ᠵᠢᠴᠢ ᠤᠬᠠᠭᠤᠯᠭ᠎ᠠ ᠵᠢᠨ ᠭᠠᠷ ᠳᠡᠪᠲᠡᠷ᠂ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠤᠭᠤᠲᠠ᠂ ᠤᠰᠤ ᠴᠣᠮᠣ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠬᠣᠭ ᠨᠣᠪᠰᠢ ᠵᠢ ᠲᠥᠷᠥᠯ ᠬᠤᠪᠢᠶᠠᠬᠤ ᠮᠡᠳᠡᠯᠭᠡ ᠵᠢ ᠲᠠᠶ᠋ᠢᠯᠪᠤᠷᠢᠯᠠᠵᠤ᠂ ᠲᠥᠷᠥᠯ ᠬᠤᠪᠢᠶᠠᠬᠤ ᠪᠠᠷᠢᠮᠵᠢᠶ᠎ᠠ᠂ ᠵᠠᠬ᠎ᠠ ᠳᠡᠯᠭᠡᠭᠦᠷ᠎ᠲᠤ ᠭᠠᠷᠭ᠋ᠠᠬᠤ ᠵᠢᠷᠤᠮᠵᠢᠯ ᠵᠢᠴᠢ ᠡᠬᠢ ᠪᠠᠶᠠᠯᠢᠭ᠎ᠢ ᠬᠣᠷᠢᠶᠠᠨ ᠠᠪᠬᠤ ᠠᠴᠢ ᠬᠣᠯᠪᠣᠭᠳᠠᠯ᠎ᠢ ᠨᠠᠷᠢᠨ ᠲᠠᠢ᠌ᠯᠪᠤᠷᠢᠯᠠᠪᠠ᠃ ᠰᠠᠭᠤᠭ᠋ᠠᠯᠢ ᠠᠷᠠᠳ᠎ᠤᠨ ᠳᠤᠷᠠᠳᠤᠭᠰᠠᠨ ᠠᠰᠠᠭᠤᠯᠲᠠ᠎ᠳᠤ ᠴᠢᠭᠯᠡᠭᠦᠯᠦᠨ᠂ ᠰᠠᠶ᠋ᠢᠨ ᠲᠤᠷᠠᠴᠤᠳ ᠬᠦᠯᠢᠴᠡᠩᠭᠦᠶ᠎ᠪᠠᠷ ᠬᠠᠷᠢᠭᠤᠯᠲᠠ ᠥᠭᠴᠦ᠂ ᠣᠯᠠᠨ ᠵᠶ᠋ᠠᠷ ᠵᠶ᠋ᠠᠨ ᠬᠣᠭ ᠨᠣᠪᠰᠢ ᠵᠢ ᠲᠥᠷᠥᠯ ᠬᠤᠪᠢᠶᠠᠬᠤ ᠠᠷᠭ᠎ᠠ ᠵᠢ ᠡᠵᠡᠮᠰᠢᠬᠦ ᠵᠢ ᠪᠠᠲᠤᠯᠠᠪᠠ᠃
ᠲᠣᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠬᠣᠭ ᠨᠣᠪᠰᠢ ᠵᠢ ᠲᠥᠷᠥᠯ ᠬᠤᠪᠢᠶᠠᠬᠤ ᠲᠤᠬᠠᠶ ᠮᠡᠳᠡᠬᠦ ᠨᠣᠷᠮ᠎ᠠ᠂ ᠣᠷᠣᠯᠴᠠᠬᠤ ᠨᠣᠷᠮ᠎ᠠ ᠪᠠ ᠣᠨᠣᠪᠴᠢ ᠵᠢᠨ ᠨᠣᠷᠮ᠎ᠠ ᠵᠢ ᠪᠦᠲᠦᠮᠵᠢᠲᠡᠶ ᠳᠡᠭᠡᠭᠰᠢᠯᠡᠭᠦᠯᠵᠦ᠂ ᠪᠣᠬᠢᠷᠲᠤᠯ ᠥᠬᠡᠶ ᠣᠷᠴᠢᠨ ᠲᠣᠭᠣᠷᠢᠨ᠎ᠢ ᠬᠠᠮᠠᠭ᠋ᠠᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠣᠶ᠋ᠢᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠨᠠᠩ ᠭᠦᠨ ᠬᠠᠳᠠᠩᠰᠢᠭᠤᠯᠵᠠᠶ᠃
ᠲᠠᠷᠠᠭ᠋ᠠᠴᠢ ᠵᠢᠨ ᠠᠯᠬᠤᠮ᠎ᠳᠤ᠂ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠨᠢ ᠨᠠᠮ᠎ᠤᠨ ᠪᠠᠶ᠋ᠢᠭᠤᠯᠤᠯᠲᠠ ᠵᠢᠨ ᠲᠥᠷᠥᠯ ᠲᠡᠮᠳᠡᠭ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠰᠢᠰᠲᠸᠮᠵᠢᠭᠰᠠᠨ᠂ ᠣᠯᠠᠨ ᠲᠠᠰ ᠳᠠᠪᠬᠤᠷᠭ᠋ᠠᠲᠤ᠂ ᠥᠷᠭᠡᠨ ᠬᠡᠪᠴᠢᠶ᠎ᠡ᠎ᠲᠠᠢ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠪᠠᠶ᠋ᠢᠭᠤᠯᠤᠯᠲᠠ ᠬᠢᠭᠡᠳ ᠲᠤᠬᠠᠶ᠋ᠢᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠴᠢᠩᠭ᠋ᠠᠳᠬᠠᠵᠤ᠂ ᠨᠠᠮ᠎ᠤᠨ ᠡᠭᠦᠷ᠎ᠤᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠲᠥᠪ᠎ᠤᠨ ᠡᠯ᠎ᠡ ᠵᠦᠢ᠍ᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃