ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2025-06-04


    《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠲᠦᠷᠢᠮ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠰᠢᠷᠢᠰ ᠠᠵᠢᠯᠯᠠᠭ᠎ᠠ (ᠭᠤᠷᠪᠠ)

     ᠨᠢᠭᠡ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠠᠮᠢᠳᠤᠷᠠᠯ᠎ᠳᠤ ᠬᠦᠨᠵᠡᠭᠡᠢ᠌ᠷᠡᠪᠡ᠄ ᠬᠠᠤᠯᠢ ᠴᠠᠭ᠋ᠠᠵᠠ ᠵᠢᠨ ᠮᠡᠳᠡᠯᠭᠡ ᠵᠢ 《ᠠᠮᠢᠳᠤᠯᠢᠭ ᠪᠣᠯᠭ᠋ᠠᠨ᠎ᠠ》

     ᠪᠥᠬᠥ  ᠤᠯᠤᠰ᠎ᠤᠨ 100 ᠬᠠᠮᠤᠭ᠎ᠤᠨ ᠭᠣᠶᠣ ᠡᠷᠲᠡᠨ᠎ᠤ ᠮᠣᠳᠣᠨ᠎ᠤ ᠰᠦᠷᠦᠭ᠎ᠤᠨ ᠨᠢᠭᠡ ᠪᠣᠯᠬᠤ ᠤᠰᠤᠲᠤ ᠲᠣᠰᠬᠣᠨ᠎ᠤ ᠭᠦᠢ᠍ᠯᠡᠰᠦᠨ ᠮᠣᠳᠣᠨ᠎ᠤ ᠰᠦᠷᠦᠭ᠎ᠤᠨ ᠤᠷᠤᠨ ᠪᠦᠰᠡ᠎ᠳᠤ ᠬᠦᠮᠦᠰ ᠴᠤᠭᠯᠠᠷᠠᠨ᠂ ᠥᠪᠡᠷᠮᠢᠴᠡ ᠣᠨᠴᠠᠯᠢᠭ᠎ᠲᠠᠢ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠶᠠᠪᠤᠭᠳᠠᠵᠤ ᠪᠤᠢ᠃ ᠥᠪᠥᠷ ᠮᠣᠩᠭᠣᠯ᠎ᠤᠨ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠬᠣᠰᠢᠭᠤᠴᠢ ᠠᠩᠭᠢ ᠵᠢᠨ ᠭᠡᠰᠢᠭᠦᠳ ᠬᠠᠤᠯᠢ ᠵᠤᠷᠪᠤᠰ᠎ᠤᠨ ᠲᠠᠶ᠋ᠢᠯᠤᠮᠵᠢ ᠪᠠ ᠰᠣᠯᠢᠯᠴᠠᠭ᠎ᠠ᠎ᠪᠠᠷ ᠳᠠᠮᠵᠢᠭᠤᠯᠤᠨ ᠮᠠᠳᠠᠭ᠎ᠢ ᠳᠡᠶ᠋ᠢᠯᠵᠦ᠂ ᠬᠠᠤᠯᠢ ᠴᠠᠭ᠋ᠠᠵᠠ ᠵᠢᠨ ᠵᠦᠢ᠍ᠯ ᠵᠤᠷᠪᠤᠰ᠎ᠢ ᠣᠯᠠᠨ ᠲᠦᠮᠡᠨ᠎ᠳᠤ ᠠᠮᠠᠷᠬᠠᠨ ᠤᠢ᠌ᠯᠠᠭ᠋ᠠᠭᠳᠠᠬᠤ ᠬᠡᠯᠡ ᠬᠡᠯᠡᠯᠭᠡ᠎ᠪᠠᠷ ᠲᠠᠨᠢᠯᠴᠠᠭᠤᠯᠪᠠ᠃ ᠲᠠᠶ᠋ᠢᠯᠪᠤᠷᠢᠯᠠᠭᠴᠢ ᠡᠷᠲᠡᠨ᠎ᠤ ᠮᠣᠳᠣ ᠨᠠᠷᠠᠲᠤ ᠮᠣᠳᠣᠨ᠎ᠤ ᠠᠮᠢ ᠠᠬᠤᠶ ᠵᠢᠨ ᠦᠨ᠎ᠡ ᠥᠷᠲᠡᠭ ᠪᠠ ᠰᠣᠶᠣᠯ᠎ᠤᠨ ᠠᠴᠢ ᠬᠣᠯᠪᠣᠭᠳᠠᠯ᠎ᠲᠠᠢ ᠤᠶᠠᠯᠳᠤᠭᠤᠯᠤᠨ᠂ 《ᠡᠷᠲᠡᠨ᠎ᠤ ᠮᠣᠳᠣ ᠪᠣᠯ ᠲᠡᠦᠬᠡ ᠵᠢᠨ ᠠᠮᠢᠳᠤ ᠳᠤᠷᠠᠰᠬᠠᠯᠲᠤ ᠵᠦᠢ᠍ᠯᠡᠰ ᠮᠥᠨ》 ᠭᠡᠳᠡᠭ ᠵᠶ᠋ᠠᠷ ᠭᠠᠷᠳᠠᠴᠠ ᠪᠣᠯᠭ᠋ᠠᠵᠤ᠂ 《ᠲᠦᠷᠢᠮ》᠎ᠳᠠᠬᠢ ᠠᠪᠠᠷᠢᠬᠤ᠂ ᠰᠡᠶ᠋ᠢᠯᠵᠦ ᠵᠢᠷᠤᠬᠤ ᠪᠠ ᠬᠠᠤᠯᠢ ᠪᠤᠰᠤ᠎ᠪᠠᠷ ᠣᠭᠲᠣᠯᠬᠤ ᠵᠢ ᠴᠢᠩᠭ᠎ᠠ ᠴᠠᠭ᠋ᠠᠵᠠᠯᠠᠬᠤ ᠲᠤᠬᠠᠶ ᠭᠤᠤᠯ ᠵᠦᠢ᠍ᠯ ᠵᠤᠷᠪᠤᠰ᠎ᠲᠤ ᠭᠦᠨᠵᠡᠭᠡᠶ ᠲᠠᠨᠢᠯᠴᠠᠭᠤᠯᠭ᠎ᠠ ᠬᠢᠭᠰᠡᠨ ᠪᠥᠭᠡᠳ ᠡᠷᠲᠡᠨ᠎ᠤ ᠮᠣᠳᠣ ᠵᠢ ᠡᠪᠳᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠬᠢᠪᠠ᠃ ᠲᠤᠬᠠᠶ ᠵᠢᠨ ᠲᠠᠯᠠᠪᠤᠷ᠎ᠲᠤ ᠲᠠᠷᠬᠠᠭ᠋ᠠᠭᠰᠠᠨ 《ᠲᠦᠷᠢᠮ》᠎ᠤᠨ ᠵᠢᠷᠤᠭᠲᠤ ᠲᠠᠶ᠋ᠢᠯᠪᠤᠷᠢ ᠪᠠ ᠰᠠᠨᠠᠭ᠋ᠠᠴᠢᠯᠠᠭ᠎ᠠ ᠵᠢᠨ ᠪᠢᠴᠢᠭ᠎ᠨᠢ ᠵᠢᠷᠤᠭ ᠪᠢᠴᠢᠭ᠎ᠢ ᠵᠡᠷᠭᠡ᠎ᠪᠠᠷ ᠬᠡᠷᠡᠭᠯᠡᠬᠦ ᠬᠡᠯᠪᠡᠷᠢ᠎ᠪᠠᠷ ᠬᠠᠤᠯᠢ ᠴᠠᠭ᠋ᠠᠵᠠ ᠵᠢᠨ ᠵᠦᠢ᠍ᠯ ᠵᠤᠷᠪᠤᠰ᠎ᠢ ᠬᠢᠯᠪᠠᠷ ᠣᠶ᠋ᠢᠯᠠᠭ᠋ᠠᠮᠵᠢᠲᠠᠶ ᠪᠣᠯᠭ᠋ᠠᠵᠠᠶ᠃ ᠡᠭᠦᠨ᠎ᠤ ᠬᠠᠮᠲᠤ ᠳᠡᠯᠭᠡᠨ ᠦᠵᠡᠭᠦᠯᠦᠭᠰᠡᠨ ᠡᠷᠲᠡᠨ᠎ᠤ ᠮᠣᠳᠣ ᠨᠠᠷᠠᠲᠤ ᠮᠣᠳᠣᠨ᠎ᠤ ᠬᠡᠷᠡᠯ ᠵᠢᠷᠤᠭ᠎ᠤᠨ ᠦᠵᠡᠰᠬᠦᠯᠡᠩ᠎ᠨᠢ ᠡᠷᠲᠡᠨ᠎ᠤ ᠮᠣᠳᠣ ᠨᠠᠷᠠᠲᠤ ᠮᠣᠳᠣᠨ᠎ᠤ ᠣᠷᠣᠰᠢᠨ ᠲᠣᠭᠲᠠᠨᠢᠵᠤ ᠪᠠᠶ᠋ᠢᠭ᠎ᠠ ᠣᠳᠣᠬᠢ ᠪᠠᠶ᠋ᠢᠳᠠᠯ ᠪᠠ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠢ ᠠᠮᠢᠳᠤᠯᠢᠭ ᠵᠶ᠋ᠠᠷ ᠳᠡᠯᠭᠡᠨ ᠦᠵᠡᠭᠦᠯᠵᠦ᠂ ᠬᠠᠤᠯᠢ ᠴᠠᠭ᠋ᠠᠵᠠ ᠵᠢᠨ ᠮᠡᠳᠡᠯᠭᠡ ᠵᠢ ᠣᠯᠠᠨ ᠲᠦᠮᠡᠨ᠎ᠤ ᠰᠡᠳᠬᠢᠯ᠎ᠳᠤ ᠬᠠᠳᠠᠩᠰᠢᠭᠤᠯᠪᠠ᠃



W020250530584663642292_ORIGIN.jpg



     ᠬᠣᠶᠠᠷ᠂ ᠤᠯᠠᠨ ᠡᠰᠢᠲᠦ ᠬᠠᠮᠲᠤ ᠵᠢᠨ ᠲᠠᠨᠢᠯᠲᠠ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠮᠢ ᠠᠬᠤᠢ ᠵᠢᠨ ᠦᠢ᠍ᠯᠡᠳᠦᠯᠭᠡ

     ᠲᠣᠰ ᠤᠳᠠᠭ᠋ᠠᠨ᠎ᠤ ᠠᠵᠢᠯᠯᠠᠭ᠎ᠠ᠎ᠨᠢ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠬᠢᠭᠡᠳ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠭᠤᠤᠯ ᠰᠡᠳᠦᠪ᠎ᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠡᠷᠲᠡᠨ᠎ᠤ ᠮᠣᠳᠣ ᠵᠢ ᠬᠠᠮᠠᠭ᠋ᠠᠯᠠᠬᠤ᠂ ᠦᠨᠳᠦᠰᠦᠲᠡᠨ᠎ᠤ ᠪᠦᠯᠬᠦᠮᠳᠡᠯ᠂ ᠬᠠᠤᠯᠢ᠎ᠪᠠᠷ ᠵᠠᠰᠠᠬᠤ ᠬᠥᠮᠦᠵᠢᠯ᠎ᠤᠨ ᠬᠣᠯᠪᠣᠭ᠋ᠠᠯᠠᠨ ᠬᠥᠳᠡᠯᠦᠯᠴᠡᠬᠦ ᠵᠢ ᠪᠡᠶᠡᠯᠡᠭᠦᠯᠪᠡ᠃ ᠲᠠᠶ᠋ᠢᠯᠪᠤᠷᠢᠯᠠᠭᠴᠢ 《ᠲᠦᠷᠢᠮ》᠎ᠳᠤ ᠲᠠᠶ᠋ᠢᠯᠤᠮᠵᠢ ᠬᠢᠬᠦ᠎ᠳᠡᠭᠡᠨ᠄ 《ᠡᠷᠲᠡᠨ᠎ᠤ ᠮᠣᠳᠣ ᠨᠡᠷᠡᠳᠦ ᠮᠣᠳᠣ ᠪᠣᠯ ᠦᠨᠳᠦᠰᠦᠲᠡᠨ᠎ᠨᠦᠭᠦᠳ᠎ᠤᠨ ᠬᠠᠮᠲᠤ ᠵᠢᠨ ᠪᠠᠶ᠋ᠢᠭ᠋ᠠᠯᠢ ᠵᠢᠨ ᠥᠪ ᠪᠣᠯᠤᠨ᠎ᠠ᠂ ᠡᠷᠲᠡᠨ᠎ᠤ ᠮᠣᠳᠣ ᠵᠢ ᠬᠠᠮᠠᠭ᠋ᠠᠯᠠᠬᠤ ᠪᠣᠯ ᠮᠠᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ ᠵᠶ᠋ᠠᠨ ᠰᠠᠬᠢᠨ ᠬᠠᠮᠠᠭ᠋ᠠᠯᠠᠬᠤ ᠶᠠᠪᠤᠳᠠᠯ ᠪᠣᠯᠤᠨ᠎ᠠ》 ᠭᠡᠵᠦ ᠴᠢᠬᠤᠯᠠᠴᠢᠯᠠᠪᠠ᠃ ᠲᠤᠬᠠᠢ ᠵᠢᠨ ᠲᠠᠯᠠᠪᠠᠢ᠎ᠳᠤ ᠪᠠᠶ᠋ᠢᠭ᠎ᠠ ᠮᠣᠩᠭᠣᠯ ᠨᠠᠰᠤᠲᠠᠨ᠄ 《ᠡᠳᠡᠭᠡᠷ ᠡᠷᠲᠡᠨ᠎ᠤ ᠮᠣᠳᠣ ᠮᠢᠨᠦ ᠡᠪᠦᠭᠡ᠂ ᠮᠢᠨᠦ ᠠᠪᠤ᠂ ᠪᠢ ᠪᠣᠯᠤᠨ ᠮᠢᠨᠦ ᠬᠦᠦ᠂ ᠣᠮᠪᠣᠯᠣ᠎ᠳᠤ ᠬᠠᠨᠢ ᠪᠤᠯᠵᠤ ᠪᠠᠶ᠋ᠢᠨ᠎ᠠ᠂ ᠤᠳᠤ ᠬᠠᠤᠯᠢ᠎ᠪᠠᠷ ᠲᠡᠳᠡᠨ᠎ᠢ ᠬᠠᠮᠠᠭ᠋ᠠᠯᠠᠵᠤ ᠪᠠᠶ᠋ᠢᠨ᠎ᠠ᠂ ᠪᠢᠳᠡ ᠨᠡᠩ ᠴᠤ᠌ ᠲᠦᠷᠦᠭᠦᠯᠡᠨ ᠵᠢᠷᠤᠮᠯᠠᠬᠤ ᠬᠡᠷᠡᠭᠲᠡᠢ》 ᠭᠡᠵᠦ ᠰᠡᠳᠬᠢᠯ ᠳᠣᠭᠳᠣᠯᠤᠨ ᠬᠡᠯᠡᠨ᠎ᠡ! ᠠᠵᠢᠯᠯᠠᠭ᠎ᠠ ᠳᠤᠮᠳᠠ ᠣᠯᠠᠨ ᠵᠶ᠋ᠠᠷ ᠵᠶ᠋ᠠᠨ ᠡᠷᠲᠡᠨ᠎ᠤ ᠮᠣᠳᠣᠨ᠎ᠤ ᠦᠯᠢᠭᠡᠷ᠂ ᠡᠷᠲᠡᠨ᠎ᠤ ᠮᠣᠳᠣᠨ᠎ᠤ ᠲᠤᠬᠠᠶ ᠳᠤᠷᠠᠰᠤᠮᠵᠢ᠎ᠪᠠᠨ ᠬᠤᠪᠢᠶᠠᠯᠴᠠᠵᠤ᠂ ᠡᠷᠲᠡᠨ᠎ᠤ ᠮᠤᠳᠤ ᠵᠢ ᠬᠠᠮᠠᠭ᠋ᠠᠯᠠᠬᠤ ᠰᠤᠶᠤᠯ᠎ᠤᠨ ᠤᠬᠠᠮᠰᠠᠷ ᠵᠶ᠋ᠠᠨ ᠴᠢᠩᠭ᠋ᠠᠳᠬᠠᠪᠠ᠃ ᠡᠶ᠋ᠢᠮᠦᠷᠬᠦᠦ 《ᠬᠠᠤᠯᠢ᠎ᠪᠠᠷ ᠵᠠᠰᠠᠬᠤ + ᠰᠣᠶᠣᠯ + ᠬᠠᠶ᠋ᠢᠷ᠎ᠠ ᠰᠡᠳᠬᠢᠯᠭᠡ》 ᠵᠢᠨ ᠰᠢᠨ᠎ᠡ ᠵᠢ ᠡᠭᠦᠳᠬᠦ ᠬᠡᠪ ᠵᠠᠭᠪᠤᠷ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ 《ᠡᠷᠲᠡᠨ᠎ᠤ ᠮᠣᠳᠣ ᠵᠢ ᠮᠠᠯᠮᠡᠢ᠎ᠪᠠᠨ ᠰᠢᠭ ᠬᠠᠶ᠋ᠢᠷᠠᠯᠠᠨ ᠬᠠᠮᠠᠭ᠋ᠠᠯᠠᠬᠤ》 ᠤᠬᠠᠮᠰᠠᠷᠲᠤ ᠴᠢᠨᠠᠷ᠎ᠢ ᠪᠦᠲᠦᠮᠵᠢᠲᠡᠢ ᠬᠦᠪᠴᠢᠯᠡᠪᠡ᠃


W020250530584663673785_ORIGIN.jpg



     ᠭᠤᠷᠪᠠ᠂ ᠲᠣᠰ ᠤᠳᠠᠭ᠋ᠠᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ᠎ᠤ 《ᠲᠦᠷᠢᠮ》᠎ᠢ ᠣᠶ᠋ᠢᠯᠠᠭ᠋ᠠᠬᠤ ᠨᠣᠷᠮ᠎ᠠ ᠢᠯᠡᠳᠲᠡ ᠳᠡᠭᠡᠭᠰᠢᠯᠡᠵᠦ᠂ ᠡᠷᠲᠡᠨ᠎ᠤ ᠮᠣᠳᠣ ᠵᠢ ᠬᠠᠮᠠᠭ᠋ᠠᠯᠠᠬᠤ ᠤᠬᠠᠮᠰᠠᠷ ᠢᠯᠡᠳᠲᠡ ᠴᠢᠩᠭ᠋ᠠᠷᠠᠪᠠ᠃

    ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ 《ᠲᠦᠷᠢᠮ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠰᠢᠷᠢᠰ ᠠᠵᠢᠯᠯᠠᠭ᠎ᠠ᠎ᠪᠠᠷ ᠭᠠᠷᠳᠠᠴᠠ ᠪᠣᠯᠭ᠋ᠠᠵᠤ᠂ ᠦᠷᠭᠡᠴᠡ᠎ᠲᠠᠢ᠂ ᠬᠦᠨᠴᠠ᠎ᠲᠠᠢ ᠬᠠᠤᠯᠢ ᠲᠦᠭᠡᠮᠡᠯᠵᠢᠭᠦᠯᠬᠦ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠵᠤ᠂ 《ᠲᠦᠷᠢᠮ》᠎ᠤᠨ ᠵᠣᠷᠢᠭ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠳᠥᠯᠭᠢᠨ ᠠᠬᠢᠭᠤᠯᠤᠨ᠎ᠠ᠃ ᠡᠭᠦᠨ᠎ᠤ ᠬᠠᠮᠲᠤ ᠣᠳᠣᠬᠢ ᠪᠠᠶ᠋ᠢᠳᠠᠯ᠎ᠳᠠᠭᠠᠨ ᠰᠠᠭᠤᠷᠢᠯᠠᠨ᠂ ᠬᠠᠮᠠᠭ᠋ᠠᠯᠠᠯᠳᠠ ᠵᠢᠨ ᠠᠵᠢᠯ᠎ᠢ ᠠᠬᠢᠭᠤᠯᠵᠤ ᠨᠠᠩ ᠥᠨᠳᠥᠷ ᠲᠦᠪᠰᠢᠨ᠎ᠳᠤ ᠬᠦᠷᠭᠡᠨ᠎ᠡ᠄ ᠨᠢᠭᠡ᠎ᠳᠤ ᠬᠠᠮᠠᠭ᠋ᠠᠯᠠᠯᠲᠠ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠪᠠᠲᠤᠯᠠᠭ᠎ᠠ ᠬᠢᠭᠡᠳ ᠤᠯᠠᠨ ᠨᠡᠶ᠋ᠢᠲᠡ ᠵᠢᠨ ᠤᠷᠤᠯᠴᠠᠯᠭ᠎ᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠠᠭ᠋ᠠᠯᠠᠯᠲᠠ ᠵᠢ ᠴᠢᠩᠭ᠋ᠠᠳᠬᠠᠨ᠎ᠠ; ᠬᠣᠶᠠᠷ᠎ᠲᠤ᠂ ᠨᠡᠶ᠋ᠢᠭᠡᠮ᠎ᠤᠨ ᠣᠷᠣᠯᠴᠠᠭ᠎ᠠ ᠵᠢ ᠦᠷᠭᠦᠯᠵᠢᠯᠡᠨ ᠥᠷᠭᠡᠳᠬᠡᠨ᠎ᠡ᠃ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠢᠭᠡᠨ ᠲᠥᠬᠥᠷ ᠡᠷᠲᠡᠨ᠎ᠤ ᠮᠣᠳᠣ ᠵᠢ ᠬᠠᠮᠠᠭ᠋ᠠᠯᠠᠬᠤ ᠨᠡᠶ᠋ᠢᠭᠡᠮ᠎ᠤᠨ ᠤᠷᠤᠯᠴᠠᠯᠭ᠎ᠠ ᠵᠢᠨ ᠵᠠᠭᠪᠤᠷ᠎ᠢ ᠰᠦᠪᠡᠭᠴᠢᠯᠡᠨ ᠪᠣᠶ ᠪᠣᠯᠭ᠋ᠠᠵᠤ᠂ ᠨᠠᠩ ᠣᠯᠠᠨ ᠡᠯ᠎ᠡ ᠲᠠᠯ᠎ᠠ ᠵᠢᠨ ᠬᠦᠴᠦᠨ᠎ᠢ ᠨᠠᠩ ᠥᠷᠭᠡᠨ ᠵᠶ᠋ᠠᠷ ᠣᠷᠣᠯᠴᠠᠭᠤᠯᠬᠤ ᠬᠡᠷᠡᠭᠲᠡᠶ; ᠭᠤᠷᠪᠠ᠎ᠳᠤ ᠬᠠᠮᠠᠭ᠋ᠠᠯᠠᠬᠤ ᠵᠠᠭᠪᠤᠷ᠎ᠤᠨ ᠲᠠᠯ᠎ᠠ᠎ᠪᠠᠷ ᠦᠷᠭᠦᠯᠵᠢᠯᠡᠨ ᠰᠢᠨ᠎ᠡ ᠵᠢ ᠡᠭᠦᠳᠪᠡ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠨ ᠬᠠᠮᠠᠭ᠋ᠠᠯᠠᠬᠤ ᠪᠠ ᠬᠥᠭᠵᠢᠭᠦᠯᠬᠦ ᠵᠢ ᠲᠡᠩᠴᠡᠭᠦᠷᠢᠲᠡᠶ ᠪᠠᠶ᠋ᠢᠯᠭ᠋ᠠᠵᠤ᠂ ᠠᠮᠢ ᠠᠬᠤᠶ ᠵᠢᠨ ᠦᠷ᠎ᠡ ᠠᠰᠢᠭ ᠪᠠ ᠠᠷᠠᠳ᠎ᠤᠨ ᠠᠮᠢᠳᠤᠷᠠᠯ᠎ᠤᠨ ᠬᠥᠭᠵᠢᠯᠲᠡ ᠵᠢᠨ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠦᠨ᠂ ᠮᠢᠩᠭ᠋ᠠᠨ ᠣᠨ᠎ᠤ ᠡᠷᠲᠡᠨ᠎ᠤ ᠮᠣᠳᠣ ᠵᠢ ᠤᠮᠠᠷᠠᠲᠤ ᠵᠢᠨ ᠦᠷᠭᠦᠯᠵᠢᠯᠡᠬᠦ ᠬᠥᠭᠵᠢᠯᠲᠡ ᠵᠢᠨ ᠰᠠᠭᠤᠷᠢ ᠪᠣᠯᠭ᠋ᠠᠨ᠎ᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 2025 ᠣᠨ᠎ᠤ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢ᠍ᠯ᠎ᠢ ᠲᠣᠭᠲᠠᠭ᠋ᠠᠬᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ (2024 ᠣᠨ)》 ᠵᠢ ᠨᠡᠶ᠋ᠢᠲᠡᠯᠡᠪᠡ
ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠨ᠎ᠤ ᠲᠦᠷᠦᠯ ᠥᠪᠥᠷ ᠮᠣᠩᠭᠣᠯ᠎ᠤᠨ ᠬᠠᠨ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠡᠭᠦᠷᠯᠡᠵᠦ ᠪᠠᠢ᠌ᠨ᠎ᠠ
ᠰᠢᠯᠢ ᠵᠢᠨ ᠭᠣᠣᠯ ᠠᠶ᠋ᠢᠮᠠᠭ᠎ᠤᠨ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢᠨ ᠢᠨᠵᠧᠨᠧᠷᠢᠩ ᠨᠢᠭᠡᠨᠲᠡ ᠣᠨ᠎ᠤ ᠡᠭᠦᠷᠭᠡ ᠵᠢᠨ ᠵᠶ᠋ᠡᠨ 94% ᠵᠢ ᠪᠡᠶᠡᠯᠡᠭᠦᠯᠪᠡ
ᠠᠪᠠᠭ᠎ᠠ ᠬᠣᠰᠢᠭᠤᠨ᠎ᠤ ᠣᠢ ᠰᠢᠭᠣᠢ ᠣᠰᠣᠨ ᠠᠰᠢᠭᠯᠠᠯᠲᠠ ᠵᠢᠨ ᠲᠣᠪᠴᠢᠶ᠎ᠠ ᠬᠦᠴᠦᠨ ᠵᠶ᠋ᠠᠨ ᠲᠥᠪᠯᠡᠷᠡᠭᠦᠯᠦᠨ ᠵᠦᠢ᠍ᠯᠡᠰ᠎ᠢ ᠡᠮᠬᠢᠯᠡᠨ ᠨᠡᠶ᠋ᠢᠯᠡᠭᠦᠯᠵᠦ᠂ ᠡᠯᠡᠰᠦᠨ᠎ᠤ ᠡᠬᠢ ᠵᠢ ᠵᠠᠰᠠᠬᠤ᠎ᠳᠤ ᠭᠣᠣᠯᠳᠠᠯᠭ᠎ᠠ᠎ᠲᠠᠢ ᠰᠢᠪᠲᠤᠯᠤᠯᠲᠠ ᠬᠢᠵᠡᠢ
 
             蒙ICP备05000248号