ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 2025 ᠣᠨ᠎ᠤ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢ᠍ᠯ᠎ᠢ ᠲᠣᠭᠲᠠᠭ᠋ᠠᠬᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2025-06-05

 

    ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢ᠍ᠯ᠎ᠢ ᠲᠣᠭᠲᠠᠭ᠋ᠠᠭᠰᠠᠨ ᠦᠷ᠎ᠡ ᠳ᠋ᠦᠩ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ 9 ᠲᠥᠷᠥᠯ ᠵᠦᠢ᠍ᠯ᠎ᠢ ᠠᠮᠵᠢᠯᠲᠠᠲᠠᠶ ᠣᠯᠵᠤ᠂ ᠡᠭᠦᠨ᠎ᠳᠤ ᠰᠢᠯᠢᠳᠡᠭ ᠵᠠᠯᠠᠭᠤᠴᠤᠳ᠎ᠤᠨ ᠰᠠᠭᠤᠷᠢ ᠮᠥᠩᠭᠥ ᠵᠢᠨ ᠲᠥᠷᠥᠯ ᠵᠦᠢ᠍ᠯ 1᠂ ᠵᠠᠯᠠᠭᠤᠴᠤᠳ᠎ᠤᠨ ᠰᠠᠭᠤᠷᠢ ᠮᠥᠩᠭᠥ ᠵᠢᠨ ᠲᠥᠷᠥᠯ ᠵᠦᠢ᠍ᠯ 3᠂ ᠥᠩᠭᠡᠨ ᠲᠠᠯ᠎ᠠ ᠵᠢᠨ ᠲᠥᠷᠥᠯ ᠵᠦᠢ᠍ᠯ 4 ᠵᠢᠴᠢ ᠡᠩ᠎ᠤᠨ ᠬᠠᠮᠲᠤᠷᠠᠭᠰᠠᠨ ᠰᠠᠭᠤᠷᠢ ᠮᠥᠩᠭᠥ ᠵᠢᠨ ᠲᠥᠷᠥᠯ ᠵᠦᠢ᠍ᠯ 1 ᠪᠠᠶ᠋ᠢᠵᠤ᠂ ᠪᠥᠬᠥ ᠵᠠᠷᠤᠳᠠᠯ᠎ᠢ 103 ᠲᠦᠮᠡᠨ ᠲᠥᠭᠥᠷᠢᠭ ᠲᠤᠰᠠᠯᠠᠪᠠ᠃ ᠰᠡᠳᠦᠪ ᠲᠣᠭᠲᠠᠭ᠋ᠠᠭᠰᠠᠨ ᠲᠣᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 80 %᠎ᠪᠠᠷ ᠨᠡᠮᠡᠭᠳᠡᠵᠦ᠂ ᠵᠥᠪᠰᠢᠶᠡᠷᠡᠭᠳᠡᠭᠰᠡᠨ ᠨᠣᠷᠮ᠎ᠠ᠎ᠨᠢ 82 %᠎ᠳᠤ ᠬᠦᠷᠴᠦ᠂ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ!

    ᠲᠣᠰ ᠤᠳᠠᠭ᠎ᠠ ᠵᠢᠨ ᠵᠥᠪᠰᠢᠶᠡᠷᠡᠯ ᠣᠯᠤᠭᠰᠠᠨ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠭᠤᠤᠯᠳᠠᠯᠭ᠎ᠠ᠎ᠲᠠᠢ ᠴᠢᠭᠯᠡᠯ᠎ᠤᠨ ᠲᠣᠭᠣᠷᠢᠨ᠎ᠳᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠨ ᠵᠠᠰᠠᠬᠤ᠂ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ ᠣᠶ ᠰᠢᠭᠤᠶ ᠨᠤᠲᠤᠭ ᠪᠡᠯᠴᠢᠭᠡᠷ᠎ᠤᠨ ᠲᠥᠷᠥᠯ ᠵᠦᠢ᠍ᠯ᠎ᠢ   ᠪᠤᠢ᠌ᠵᠢᠭᠤᠯᠤᠨ ᠬᠦᠭᠵᠢᠬᠦᠯᠬᠦ᠂ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠰᠤᠳᠤᠯᠭ᠋ᠠᠨ ᠵᠡᠷᠭᠡ ᠭᠤᠤᠯ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠰᠤᠳᠤᠯᠭ᠋ᠠᠨ ᠪᠣᠯᠤᠨ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠳᠠ ᠵᠢ ᠪᠡᠶᠡᠯᠡᠭᠦᠯᠦᠭᠰᠡᠨ ᠪᠠᠢ᠌ᠨ᠎ᠠ᠃ ᠵᠥᠪᠰᠢᠶᠡᠷᠡᠯ ᠣᠯᠤᠭᠰᠠᠨ ᠲᠦᠷᠦᠯ ᠵᠦᠢ᠍ᠯ᠎ᠤᠨ ᠳᠣᠲᠣᠷ᠎ᠠ᠂ ᠰᠢᠯᠢᠳᠡᠭ ᠵᠠᠯᠠᠭᠤᠴᠤᠳ᠎ᠤᠨ ᠰᠠᠭᠤᠷᠢ ᠮᠥᠩᠭᠥᠨ᠎ᠤ ᠲᠦᠷᠦᠯ ᠵᠦᠢ᠍ᠯ 《ᠥᠪᠥᠷ ᠮᠣᠩᠭᠣᠯ᠎ᠤᠨ ᠭᠠᠩ ᠬᠠᠭᠤᠷᠠᠢ ᠣᠷᠣᠨ᠎ᠤ ᠬᠥᠷᠥᠰᠥ ᠰᠢᠷᠣᠢ ᠵᠢᠨ ᠤᠰᠤ ᠪᠣᠯᠤᠨ ᠴᠠᠭ ᠠᠭᠤᠷ᠎ᠤᠨ ᠨᠡᠶ᠋ᠢᠲᠡᠯᠢᠭ ᠲᠡᠵᠢᠭᠡᠯ ᠤᠢ ᠰᠢᠭᠤᠢ ᠵᠢᠨ ᠤᠰᠤᠨ᠎ᠤ ᠠᠰᠢᠭᠯᠠᠯᠲᠠ ᠵᠢᠨ ᠬᠠᠷᠢᠯᠴᠠᠨ ᠦᠢ᠍ᠯᠡᠳᠦᠯᠴᠡᠬᠦ ᠲᠣᠭᠲᠠᠴᠠ》᠎ᠨᠢ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠩᠬ᠎ᠠ ᠤᠳᠠᠭ᠎ᠠ ᠭᠤᠶᠤᠴᠢᠯᠠᠨ ᠮᠡᠳᠡᠭᠦᠯᠦᠭᠰᠡᠨ ᠳᠠᠷᠤᠢ᠎ᠳᠤ ᠠᠮᠵᠢᠯᠲᠠ᠎ᠲᠠᠢ ᠵᠥᠪᠰᠢᠶᠡᠷᠡᠭᠳᠡᠵᠡᠢ᠂ ᠡᠨᠡ ᠪᠣᠯ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠤᠰ ᠲᠦᠷᠦᠯ ᠬᠡᠯᠪᠡᠷᠢ ᠵᠢᠨ ᠰᠠᠭᠤᠷᠢ ᠰᠤᠳᠤᠯᠭ᠋ᠠᠨ᠎ᠤ ᠲᠦᠷᠦᠯ ᠵᠦᠢ᠍ᠯ᠎ᠤᠨ ᠨᠢᠭᠡ ᠤᠳᠠᠭ᠎ᠠ ᠵᠢᠨ ᠰᠢᠨ᠎ᠡ ᠰᠢᠪᠲᠤᠯᠤᠯᠲᠠ ᠪᠣᠯᠤᠨ᠎ᠠ᠃

    ᠣᠶ᠋ᠢᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠬᠣᠷᠢᠶ᠎ᠠ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ ᠬᠢᠭᠡᠳ ᠥᠨᠳᠥᠷ ᠲᠦᠪᠰᠢᠨ ᠪᠥᠬᠥᠶ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠭᠤᠷᠢ ᠰᠤᠳᠤᠯᠭ᠋ᠠᠨ ᠬᠢᠭᠡᠳ ᠬᠡᠷᠡᠭᠯᠡᠭᠡᠨ᠎ᠤ ᠰᠤᠳᠤᠯᠭ᠋ᠠᠨ᠎ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠢ ᠡᠭᠦᠳᠬᠦ ᠠᠮᠢ ᠠᠬᠤᠶ ᠵᠢ ᠴᠣᠭᠴᠠᠯᠠᠨ ᠪᠠᠶ᠋ᠢᠭᠤᠯᠬᠤ ᠵᠢ ᠬᠦᠴᠦᠯᠡᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠤᠯᠭ᠋ᠠᠭᠤᠷᠢᠯᠠᠬᠤ ᠵᠢᠨ ᠲᠥᠯᠥᠭᠡ ᠰᠢᠰᠲ᠋ᠧᠮ᠎ᠲᠠᠢ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠪᠠ᠃

      ᠲᠦᠮᠡᠨ ᠭᠠᠵᠠᠷ᠎ᠤᠨ ᠠᠶᠠᠨ᠎ᠳᠤ ᠡᠷᠴᠢ ᠵᠣᠷᠢᠭ ᠬᠥᠪᠴᠢᠯᠡᠭᠳᠡᠵᠦ᠂ ᠠᠮᠢ ᠠᠬᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠶᠠᠭ ᠴᠠᠭ᠎ᠲᠠᠭᠠᠨ ᠲᠤᠬᠢᠷᠠᠪᠠ᠃ ᠲᠣᠰ ᠤᠳᠠᠭ᠎ᠠ ᠵᠢᠨ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠠᠭᠤᠷᠢ ᠰᠤᠳᠤᠯᠭ᠋ᠠᠨ᠎ᠤ ᠪᠣᠳᠠᠲᠤ ᠬᠦᠴᠦᠨ᠎ᠤ ᠨᠤᠲᠠᠯᠠᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠠᠮᠤᠷ ᠲᠦᠪᠰᠢᠨ᠎ᠤ ᠪᠠᠶ᠋ᠢᠯᠳᠤᠬᠤ ᠪᠣᠳᠣᠯᠭ᠎ᠠ ᠵᠢᠨ ᠦᠢ᠍ᠯᠡᠴᠢᠯᠡᠭᠡ ᠳᠤᠮᠳᠠ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠩ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃  ]

    ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠲᠣᠰ ᠤᠳᠠᠭ᠎ᠠ ᠵᠢᠨ ᠰᠢᠪᠲᠤᠯᠤᠯᠲᠠ᠎ᠪᠠᠷ ᠠᠵᠠ ᠲᠣᠬᠢᠶᠠᠯ ᠪᠣᠯᠭ᠋ᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠨᠢᠭᠡ ᠰᠡᠳᠬᠢᠯ ᠵᠶ᠋ᠠᠷ ᠰᠤᠳᠤᠯᠵᠤ᠂ ᠰᠠᠭᠤᠷᠢ ᠰᠤᠳᠤᠯᠭ᠋ᠠᠨ ᠵᠶ᠋ᠠᠷ ᠬᠡᠷᠡᠭᠯᠡᠭᠡᠨ᠎ᠤ ᠰᠤᠳᠤᠯᠭ᠋ᠠᠨ᠎ᠢ ᠠᠬᠢᠭᠤᠯᠵᠤ᠂ 《ᠰᠠᠭᠤᠷᠢ ᠰᠤᠳᠤᠯᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠦᠷ᠎ᠡ ᠪᠦᠲᠦᠭᠡᠯ᠎ᠢ ᠤᠨᠳᠤᠤᠰᠢᠭᠤᠯᠬᠤ》 ᠪᠥᠬᠥ ᠬᠡᠯᠬᠢᠶᠡᠨ᠎ᠤ ᠪᠠᠶ᠋ᠢᠷᠢᠰᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠡᠪᠡᠰᠦᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠨᠠᠩ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ!

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ (2024 ᠣᠨ)》 ᠵᠢ ᠨᠡᠶ᠋ᠢᠲᠡᠯᠡᠪᠡ
ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠨ᠎ᠤ ᠲᠦᠷᠦᠯ ᠥᠪᠥᠷ ᠮᠣᠩᠭᠣᠯ᠎ᠤᠨ ᠬᠠᠨ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠡᠭᠦᠷᠯᠡᠵᠦ ᠪᠠᠢ᠌ᠨ᠎ᠠ
ᠰᠢᠯᠢ ᠵᠢᠨ ᠭᠣᠣᠯ ᠠᠶ᠋ᠢᠮᠠᠭ᠎ᠤᠨ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢᠨ ᠢᠨᠵᠧᠨᠧᠷᠢᠩ ᠨᠢᠭᠡᠨᠲᠡ ᠣᠨ᠎ᠤ ᠡᠭᠦᠷᠭᠡ ᠵᠢᠨ ᠵᠶ᠋ᠡᠨ 94% ᠵᠢ ᠪᠡᠶᠡᠯᠡᠭᠦᠯᠪᠡ
ᠠᠪᠠᠭ᠎ᠠ ᠬᠣᠰᠢᠭᠤᠨ᠎ᠤ ᠣᠢ ᠰᠢᠭᠣᠢ ᠣᠰᠣᠨ ᠠᠰᠢᠭᠯᠠᠯᠲᠠ ᠵᠢᠨ ᠲᠣᠪᠴᠢᠶ᠎ᠠ ᠬᠦᠴᠦᠨ ᠵᠶ᠋ᠠᠨ ᠲᠥᠪᠯᠡᠷᠡᠭᠦᠯᠦᠨ ᠵᠦᠢ᠍ᠯᠡᠰ᠎ᠢ ᠡᠮᠬᠢᠯᠡᠨ ᠨᠡᠶ᠋ᠢᠯᠡᠭᠦᠯᠵᠦ᠂ ᠡᠯᠡᠰᠦᠨ᠎ᠤ ᠡᠬᠢ ᠵᠢ ᠵᠠᠰᠠᠬᠤ᠎ᠳᠤ ᠭᠣᠣᠯᠳᠠᠯᠭ᠎ᠠ᠎ᠲᠠᠢ ᠰᠢᠪᠲᠤᠯᠤᠯᠲᠠ ᠬᠢᠵᠡᠢ
ᠰᠢᠯᠢᠨᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠠᠢ᠌ᠷᠠᠭᠤᠴᠠᠢ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠬᠢᠵᠦ ᠪᠤᠢ
 
             蒙ICP备05000248号