ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ᠎ᠤ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠤᠩᠰᠢᠭᠤᠯ ᠰᠢᠪᠠᠭᠤ ᠮᠡᠲᠤ᠎ᠪᠠᠷ 《ᠤᠷᠤᠨ ᠨᠤᠳᠤᠭ ᠵᠶ᠋ᠠᠨ ᠰᠠᠬᠢᠨ ᠬᠠᠮᠠᠭ᠋ᠠᠯᠠᠶ᠎ᠠ》 ᠬᠡᠬᠦ ᠠᠵᠢᠯᠯᠠᠭ᠎ᠠ ᠦᠷᠨᠢᠬᠦᠯᠪᠡ
ᠨᠡᠶ᠋ᠢᠲᠡᠯᠡᠭᠰᠡᠨ ᠴᠠᠭ᠄ 2018-10-17

          ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                  ᠰᠦᠯᠵᠢᠶ᠎ᠡ ᠵᠢᠨ 8 ᠰᠠᠷ᠎ᠠ ᠵᠢᠨ 9᠎ᠤ ᠡᠳᠦᠷ᠎ᠤᠨ ᠮᠡᠳᠡᠭᠡ

      ᠶᠡᠷᠦᠩᠬᠡᠶ ᠱᠦᠵᠢ ᠰᠢ ᠵᠢᠨ ᠫᠢᠩ᠎ᠠᠴᠠ ᠬᠡᠯᠡᠭᠰᠡᠨ᠎ᠨᠢ᠄ 《ᠬᠦᠬᠡ ᠤᠰᠤ ᠬᠥᠬᠡᠮᠳᠦᠭ ᠠᠭᠤᠯᠠ ᠪᠣᠯ ᠠᠯᠲᠠᠨ ᠮᠥᠩᠭᠥᠨ ᠠᠭᠤᠯᠠ ᠮᠥᠨ᠃ ᠠᠮᠢ ᠠᠬᠤᠶ ᠳᠡᠭᠵᠢᠷᠡᠪᠡᠯ ᠪᠣᠯᠪᠠᠰᠤᠨ ᠮᠠᠨᠳᠤᠨ᠎ᠠ᠂ ᠠᠮᠢ ᠠᠬᠤᠶ ᠳᠣᠷᠣᠶ᠋ᠢᠳᠠᠪᠠᠯ ᠪᠣᠯᠪᠠᠰᠤᠨ ᠤᠷᠤᠭᠤᠳᠠᠨ᠎ᠠ᠂ ᠪᠢᠳᠡ ᠠᠮᠢ ᠠᠬᠤᠶ ᠵᠢᠨ ᠣᠷᠴᠢᠨ ᠨᠥᠬᠥᠴᠡᠯ᠎ᠢ ᠨᠢᠳᠤᠨ ᠴᠡᠴᠡᠬᠡᠢ᠎ᠪᠠᠨ ᠮᠡᠲᠤ ᠬᠠᠮᠠᠭ᠋ᠠᠯᠠᠨ᠂ ᠠᠮᠢ ᠨᠠᠰᠤ᠎ᠪᠠᠨ ᠰᠢᠭ᠋ ᠨᠠᠨᠳᠢᠩᠨᠠᠶ᠎ᠠ᠃ ᠪᠠᠶ᠋ᠢᠭ᠋ᠠᠯᠢ ᠵᠢᠨ ᠠᠮᠢ ᠠᠬᠤᠶ ᠵᠢᠨ ᠦᠵᠡᠮᠵᠢ ᠵᠢ ᠬᠥᠮᠦᠨ᠎ᠤ ᠶᠢᠷᠲᠢᠨᠴᠦ᠎ᠳᠤ ᠮᠦᠩᠬᠡᠵᠢᠬᠦᠯᠵᠦ᠂ ᠨᠠᠮ ᠰᠡᠯᠡᠭᠦᠨ᠂   ᠡᠶ᠎ᠡ ᠵᠤᠬᠢᠴᠠᠩᠭᠤᠢ᠂ ᠦᠵᠡᠮᠵᠢᠲᠤ ᠰᠠᠢ᠌ᠬᠠᠨ ᠤᠷᠤᠨ᠎ᠢ ᠪᠤᠢ ᠪᠤᠯᠭ᠋ᠠᠶ᠎ᠠ᠃》
      ᠬᠣᠷᠴᠢᠨ ᠬᠠᠮᠠᠭ᠋ᠠᠯᠠᠯᠲᠠ ᠵᠢᠨ ᠣᠷᠣᠨ᠎ᠤ ᠶᠡᠷᠦᠩᠬᠡᠶ ᠲᠠᠯᠠᠪᠠᠶ᠎ᠨᠢ 119587   ᠾᠧᠺᠲ᠋ᠠᠷ᠂ ᠤᠯᠤᠰ᠎ᠤᠨ ᠭᠣᠣᠯᠳᠠᠯᠭ᠎ᠠ᠎ᠲᠠᠢ ᠨᠡᠶ᠋ᠢᠲᠡ ᠵᠢᠨ ᠠᠰᠠᠷᠠᠮᠵᠢ ᠵᠢᠨ ᠤᠢ 560300 ᠮᠥ᠍᠂ ᠡᠨᠳᠠ ᠬᠦᠬᠡᠮᠳᠦᠭ ᠲᠡᠭᠷᠢ᠎ᠲᠤ ᠬᠦᠪᠦᠩ ᠴᠠᠭ᠋ᠠᠨ ᠡᠭᠦᠯᠡ ᠬᠦᠪᠦᠯᠵᠡᠨ᠂ ᠣᠢ ᠮᠤᠳᠤ ᠬᠦᠪᠡᠬᠡ ᠬᠢᠵᠠᠭ᠋ᠠᠷ ᠦᠭᠡᠢ ᠨᠡᠯᠦᠢ᠌ᠨ ᠴᠡᠯᠡᠢ᠌ᠵᠦ᠂ ᠨᠤᠲᠤᠭ ᠪᠡᠯᠴᠢᠭᠡᠷ᠎ᠨᠢ ᠦᠪᠴᠢ ᠨᠤᠭᠤᠭ᠋ᠠᠷᠠᠨ᠂ ᠦᠩᠬᠡ ᠦᠵᠡᠮᠵᠢ᠎ᠨᠢ ᠰᠦᠷᠯᠢᠭ ᠵᠢᠪᠬᠤᠭ᠎ᠠ᠎ᠲᠠᠢ᠃
      ᠬᠣᠷᠴᠢᠨ ᠬᠠᠮᠠᠭ᠋ᠠᠯᠠᠯᠲᠠ ᠵᠢᠨ ᠣᠷᠣᠨ᠎ᠳᠤ ᠡᠶ᠋ᠢᠮᠦ ᠨᠢᠭᠡ ᠪᠦᠯᠦᠭ ᠤᠢ ᠰᠢᠭᠤᠶ ᠵᠢᠨ ᠬᠠᠮᠠᠭ᠋ᠠᠯᠠᠭᠴᠢ ᠪᠤᠢ᠂ ᠲᠡᠭᠦᠨ᠎ᠤ ᠲᠤᠰᠢᠶᠠᠯ ᠬᠠᠷᠢᠭᠤᠴᠠᠯᠭ᠎ᠠ ᠪᠠ ᠡᠭᠦᠷᠭᠡ᠎ᠨᠢ ᠲᠣᠩᠰᠢᠭᠤᠯ ᠰᠢᠪᠠᠭᠤ ᠠᠳᠠᠯᠢ᠎ᠪᠠᠷ ᠤᠢ ᠮᠣᠳᠣ ᠵᠢ ᠬᠠᠮᠠᠭ᠋ᠠᠯᠠᠬᠤ ᠶᠠᠪᠤᠳᠠᠯ ᠪᠤᠯᠤᠨ᠎ᠠ᠃ ᠲᠡᠳᠡ ᠶᠠᠳᠠᠷᠠᠯ ᠵᠦᠳᠡᠷᠡᠯ᠎ᠢ ᠬᠠᠢ᠌ᠬᠤᠷᠠᠯ ᠦᠭᠡᠢ ᠰᠢᠷᠭ᠋ᠠᠭᠤ ᠬᠠᠲᠠᠭᠤᠵᠢᠯᠲᠠᠶ᠎ᠪᠠᠷ ᠠᠵᠢᠯᠯᠠᠵᠤ᠂ ᠪᠦᠬᠦᠢ᠌ᠯᠡ ᠤᠢ ᠰᠢᠭᠤᠢ ᠨᠤᠳᠤᠭ ᠪᠡᠯᠴᠢᠬᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠰᠠᠬᠢᠵᠦ᠂ ᠭᠠᠯ᠎ᠢ ᠰᠡᠷᠭᠡᠶ᠋ᠢᠯᠡᠬᠦ᠂ ᠬᠣᠷᠣᠬᠠᠶ ᠵᠢ ᠰᠡᠷᠭᠡᠶ᠋ᠢᠯᠡᠬᠦ᠂ ᠳᠤᠷ᠎ᠠ᠎ᠪᠠᠷ ᠮᠤᠳᠤ ᠣᠭᠲᠣᠯᠬᠤ ᠵᠢ ᠰᠡᠷᠬᠡᠢ᠌ᠯᠡᠬᠦ ᠵᠡᠷᠭᠡ ᠠᠵᠢᠯ᠎ᠢ ᠬᠢᠳᠡᠭ᠃ ᠲᠠᠳᠠᠨᠤᠰ ᠠᠵᠢᠯ᠎ᠳᠤ ᠬᠠᠨᠳᠤᠬᠤ᠎ᠳᠠᠭᠠᠨ ᠶᠠᠭ ᠲᠣᠩᠰᠢᠭᠤᠯ ᠰᠢᠭ ᠴᠢᠩ ᠦᠨᠡᠨᠴᠢ ᠰᠡᠳᠬᠢᠯ ᠵᠶ᠋ᠡᠷ ᠵᠢᠳᠬᠦᠵᠦ᠂ ᠤᠢ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠰᠠᠢ᠌ᠨ ᠲᠤᠷ᠎ᠠ ᠵᠢᠨ ᠡᠯᠴᠢ ᠪᠤᠯᠤᠭᠰᠠᠨ ᠪᠠᠢ᠌ᠨ᠎ᠠ᠃
    ᠲᠡᠳᠡ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠢᠨ ᠲᠥᠯᠥᠭᠡ᠂ ᠲᠣᠭᠲᠠᠭ᠋ᠠᠯ᠎ᠢ ᠵᠥᠷᠢᠴᠡᠨ ᠮᠠᠯ ᠮᠠᠯᠵᠢᠬᠤ᠂ ᠳᠤᠷ᠎ᠠ᠎ᠪᠠᠷ ᠣᠭᠲᠣᠯᠬᠤ ᠵᠢ ᠴᠢᠩᠭ᠎ᠠ ᠴᠠᠭ᠋ᠠᠵᠠᠯᠠᠬᠤ ᠪᠠ ᠤᠢ ᠰᠢᠭᠤᠶ ᠵᠢᠨ ᠭᠡᠮ ᠬᠣᠷᠣᠬᠠᠶ ᠵᠢᠨ ᠠᠶᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠢᠳᠡᠪᠬᠢᠲᠡᠶ ᠬᠢᠵᠦ᠂ ᠡᠯ᠎ᠡ ᠠᠷᠠᠴᠢᠯᠠᠨ ᠬᠠᠮᠢᠶᠠᠷᠬᠤ ᠥᠷᠲᠡᠭᠡᠨ᠎ᠤ ᠨᠠᠷᠢᠨ ᠨᠢᠮᠪᠠᠶ ᠵᠣᠬᠢᠶᠠᠨ ᠪᠠᠢ᠌ᠭᠤᠯᠤᠯᠳᠠ ᠪᠠ ᠲᠤᠬᠢᠷᠠᠭᠤᠯᠤᠯᠳᠡ ᠳᠣᠣᠷ᠎ᠠ᠂ ᠠᠵᠢᠯ ᠵᠶ᠋ᠠᠨ ᠪᠦᠲᠦᠮᠵᠢᠲᠡᠶ ᠦᠷᠨᠢᠬᠦᠯᠵᠦ ᠪᠤᠢ᠃
      ᠵᠠᠷᠢᠮ᠎ᠳᠠᠭᠠᠨ ᠲᠡᠳᠡᠨᠤᠰ ᠰᠠᠢ᠌ᠨ ᠳᠤᠷ᠎ᠠ᠎ᠠᠴᠠ᠎ᠪᠠᠨ ᠠᠮᠠᠷᠠᠯᠲᠠ ᠵᠢᠨ ᠴᠠᠭ ᠵᠶ᠋ᠠᠨ ᠲᠠᠶᠠᠭᠳᠠᠵᠤ᠂ ᠤᠷᠳᠤ ᠬᠤᠭᠤᠴᠠᠭ᠎ᠠ᠎ᠪᠠᠷ ᠡᠳᠦᠷ ᠰᠥᠨᠢ ᠦᠭᠡᠢ ᠲᠣᠭᠣᠷᠢᠨ ᠬᠠᠮᠠᠭ᠋ᠠᠯᠠᠳᠠᠭ᠃ ᠬᠠᠷᠢᠶ᠎ᠠ ᠣᠷᠣᠨ᠎ᠤ ᠮᠠᠯ ᠠᠵᠤ ᠠᠬᠤᠶ ᠵᠢᠨ ᠲᠠᠯᠠᠪᠡᠢ᠎ᠲᠠᠢ ᠬᠠᠷᠢᠭᠤᠴᠠᠯᠭ᠎ᠠ ᠵᠢᠨ ᠪᠢᠴᠢᠭ ᠲᠤᠭᠳᠠᠵᠤ᠂ ᠰᠢᠭᠤᠶ᠋ᠢᠲᠤ ᠭᠠᠵᠠᠷ᠎ᠤᠨ ᠡᠬᠢ ᠪᠠᠶᠠᠯᠢᠭ᠎ᠢ ᠡᠪᠳᠡᠬᠦ᠂ ᠤᠢ ᠮᠣᠳᠣ ᠵᠢ ᠰᠦᠢ᠍ᠳᠬᠡᠬᠦ ᠪᠤᠶᠤ ᠲᠣᠭᠲᠠᠭ᠋ᠠᠯ᠎ᠠᠴᠠ ᠵᠦᠷᠢᠴᠡᠨ ᠪᠡᠯᠴᠢᠭᠡᠷᠯᠡᠬᠦᠯᠬᠦ᠂ ᠮᠠᠯ ᠠᠵᠤ ᠠᠬᠤᠶ ᠵᠢᠨ ᠲᠠᠯᠠᠪᠡᠢ ᠵᠢ ᠲᠤᠷ᠎ᠠ᠎ᠪᠠᠷ ᠪᠠᠢ᠌ᠭᠤᠯᠬᠤ ᠵᠡᠷᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠴᠠᠭ᠋ᠠᠵᠠᠯᠠᠯ᠎ᠢ ᠵᠦᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠳᠬᠡᠵᠦ᠂ ᠲᠤᠷᠭ᠋ᠠᠯᠳᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠥᠮᠦᠵᠢᠯ᠎ᠢ ᠦᠷᠨᠢᠬᠦᠯᠵᠦ᠂ 《ᠡᠳᠦᠷ ᠲᠣᠳᠣᠮ᠎ᠤᠨ ᠲᠣᠭᠣᠷᠢᠨ ᠬᠠᠮᠠᠭ᠋ᠠᠯᠠᠯᠲᠠ ᠬᠢᠬᠦ᠂ ᠰᠦᠨᠢ ᠵᠢᠨ ᠲᠣᠭᠲᠠᠮᠠᠯ ᠪᠤᠰᠤ ᠬᠤᠭᠤᠴᠠᠭ᠎ᠠ᠎ᠪᠠᠷ ᠭᠡᠨᠡᠳᠡᠭᠦᠯᠦᠨ ᠪᠠᠶ᠋ᠢᠴᠠᠭ᠋ᠠᠬᠤ》 ᠬᠡᠯᠪᠡᠷᠢ ᠵᠢᠨ 24 ᠴᠠᠭ ᠵᠶ᠋ᠡᠷ ᠵᠢᠵᠢᠭᠦᠷᠯᠡᠬᠦ ᠳᠦᠷᠢᠮ᠎ᠢ ᠪᠠᠷᠢᠮᠲᠠᠯᠠᠵᠤ᠂ ᠠᠵᠢᠯ᠎ᠤᠨ ᠨᠢᠭᠡᠳᠦᠭᠡᠷ ᠹᠷᠣᠨᠲ᠎ᠲᠤ ᠢᠳᠡᠪᠬᠢᠳᠡᠢ ᠠᠵᠢᠯᠯᠠᠨ᠂ ᠰᠢᠷᠭ᠋ᠠᠭᠤ ᠬᠢᠴᠢᠶᠡᠩᠭᠦᠶ᠂ ᠠᠵᠢᠯ ᠮᠡᠷᠭᠡᠵᠢᠯ ᠵᠢᠨ ᠡᠷᠬᠢᠮᠯᠡᠨ ᠬᠠᠢ᠌ᠷᠠᠯᠠᠳᠠᠭ᠃ ᠡᠭᠦᠨ᠎ᠤ ᠬᠠᠮᠲᠤ   ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠭᠤᠷᠪᠠ ᠵᠢ ᠴᠠᠭ᠋ᠠᠵᠠᠯᠠᠬᠤ》 ᠠᠵᠢᠯ᠎ᠤᠨ ᠳᠤᠷᠠᠳᠤᠭᠰᠠᠨ ᠠᠯᠢ ᠤᠯᠠᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠬᠢᠨᠠᠮᠠᠭ᠋ᠠᠶ ᠲᠤᠤᠱᠯᠠᠭᠤᠯᠤᠨ᠎ᠠ᠃ 《ᠭᠤᠷᠪᠠ ᠵᠢ ᠴᠠᠭ᠋ᠠᠵᠠᠯᠠᠬᠤ》 ᠲᠥᠷᠥ ᠵᠢᠨ ᠪᠤᠳᠤᠯᠭ᠎ᠠ᠂ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠡᠷᠭᠡ ᠮᠡᠳᠡᠯᠭᠡ ᠵᠢ ᠢᠳᠡᠪᠬᠢᠲᠡᠶ ᠤᠬᠠᠭᠤᠯᠵᠤ᠂ ᠥᠷᠭᠡᠨ ᠤᠯᠠᠨ ᠮᠠᠯᠴᠢᠨ ᠲᠠᠷᠢᠶᠠᠴᠢᠨ ᠤᠯᠠᠨ ᠲᠦᠮᠡᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠠᠮᠢᠶᠠᠷᠤᠨ ᠬᠠᠮᠠᠭ᠋ᠠᠯᠠᠬᠤ ᠠᠵᠢᠯ᠎ᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠪᠠ᠃
      ᠢᠯᠠᠩᠭᠤᠶ᠎ᠠ ᠡᠨᠡ ᠵᠢᠯ᠎ᠤᠨ 5 ᠰᠠᠷ᠎ᠠ᠎ᠳᠤ᠂ ᠬᠣᠷᠴᠢᠨ ᠬᠠᠮᠠᠭ᠋ᠠᠯᠠᠯᠲᠠ ᠵᠢᠨ ᠣᠷᠣᠨ᠎ᠳᠤ ᠬᠤᠷ᠎ᠠ ᠲᠣᠨᠣᠳᠠᠰᠤ ᠶᠡᠷᠦ ᠪᠤᠰᠤ᠎ᠪᠠᠷ ᠴᠥᠭᠡᠨ᠂ ᠠᠭᠤᠷ ᠠᠮᠢᠰᠬᠤᠯ ᠦᠷᠭᠦᠯᠵᠢᠯᠡᠭᠰᠡᠨ ᠭᠠᠩ ᠬᠠᠭᠤᠷᠠᠶ ᠪᠣᠷᠣᠭ᠋ᠠᠨ ᠪᠠᠭ᠎ᠠ᠂ ᠶᠡᠬᠡ ᠬᠡᠪᠴᠢᠶ᠎ᠡ᠎ᠪᠠᠷ ᠬᠥᠰᠢᠭᠡᠲᠦ ᠲᠥᠭᠡᠯᠡᠭᠦᠷ ᠵᠡᠷᠭᠡ ᠡᠪᠡᠳᠴᠢᠨ᠎ᠤ ᠬᠣᠷᠣᠬᠠᠶ ᠵᠢᠨ ᠬᠥᠨᠥᠭᠡᠯ᠎ᠢ ᠡᠭᠦᠰᠭᠡᠭᠰᠡᠨ ᠪᠠᠶ᠋ᠢᠨ᠎ᠠ᠃
      ᠥᠷᠭᠡᠨ ᠤᠠᠯᠨ ᠤᠢ ᠰᠢᠭᠤᠶ ᠵᠢᠨ ᠬᠠᠮᠠᠭ᠋ᠠᠯᠠᠭᠴᠢᠳ᠎ᠠᠴᠠ 《ᠰᠡᠷᠭᠡᠶ᠋ᠢᠯᠡᠬᠦ᠎ᠪᠠᠷ ᠭᠤᠤᠯᠯᠠᠵᠦ᠂ ᠰᠢᠨᠵᠢᠯᠡᠬᠦ ᠤᠬᠠᠭ᠋ᠠᠨᠴᠢ᠎ᠪᠠᠷ ᠵᠠᠰᠠᠬᠤ᠂ ᠬᠠᠤᠯᠢ ᠶᠣᠰᠣᠭ᠋ᠠᠷ ᠬᠢᠨᠠᠨ ᠬᠠᠮᠢᠶᠠᠷᠬᠤ᠂ ᠬᠠᠷᠢᠭᠤᠴᠠᠯᠭ᠎ᠠ᠎ᠪᠠᠨ ᠴᠢᠩᠭ᠋ᠠᠳᠬᠠᠬᠤ》 ᠬᠡᠬᠦ ᠤᠢ ᠰᠢᠭᠤᠶ ᠵᠢᠨ ᠬᠦᠨᠤᠭᠡᠯᠲᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠴᠢᠭᠯᠡᠯᠲᠡ ᠵᠢ ᠪᠠᠷᠢᠮᠲᠠᠯᠠᠵᠤ᠂ ᠠᠳᠠᠯᠢ ᠪᠤᠰᠤ ᠵᠢᠨ ᠤᠢ ᠮᠣᠳᠣᠨ᠎ᠤ ᠬᠡᠰᠡᠭᠯᠡᠯ ᠪᠠ ᠠᠳᠠᠯᠢ ᠪᠤᠰᠤ ᠵᠢᠨ ᠤᠢ ᠮᠤᠳᠤᠨ᠎ᠤ ᠨᠠᠰᠤ ᠵᠢᠯ᠂ ᠠᠳᠠᠯᠢ ᠪᠤᠰᠤ ᠭᠠᠵᠠᠷ ᠤᠷᠤᠨ᠎ᠤ ᠵᠠᠷᠴᠢᠮ᠎ᠤᠨ ᠳᠠᠭ᠋ᠠᠤ ᠴᠢᠭᠯᠡᠯᠳᠡ ᠲᠤᠭᠳᠠᠭ᠋ᠠᠨ ᠰᠡᠷᠬᠡᠢ᠌ᠯᠡᠨ ᠵᠠᠰᠠᠨ᠎ᠠ᠃ ᠪᠦᠬᠦ ᠤᠢ ᠰᠢᠭᠤᠶ ᠵᠢᠨ   ᠬᠠᠮᠠᠭ᠋ᠠᠯᠠᠭᠴᠢᠳ ᠵᠣᠪᠠᠭᠤᠷᠢ ᠵᠦᠳᠡᠭᠦᠷᠢ ᠵᠢ ᠲᠡᠪᠴᠢᠨ᠂ ᠶᠡᠬᠡ ᠬᠡᠮᠵᠢᠶᠡᠨ᠎ᠤ ᠡᠪᠡᠳᠴᠢᠨ᠎ᠤ ᠬᠣᠷᠣᠬᠠᠶ ᠵᠢᠨ ᠠᠶᠤᠯ᠎ᠤᠨ ᠡᠮᠦᠨ᠎ᠡ ᠦᠭᠡ ᠲᠠᠭᠤᠨ ᠦᠭᠡᠢ᠎ᠪᠠᠷ ᠰᠢᠷᠭ᠋ᠠᠭᠤ ᠬᠠᠳᠠᠭᠤᠵᠢᠯᠳᠠᠢ ᠲᠡᠮᠡᠴᠡᠵᠦ ᠪᠤᠢ᠃
      ᠨᠢᠭᠡ ᠰᠠᠷ᠎ᠠ ᠰᠢᠬᠠᠮ ᠶᠠᠪᠤᠭᠳᠠᠭᠰᠠᠨ ᠡᠪᠡᠳᠴᠢᠨ᠎ᠤ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠰᠡᠷᠭᠡᠶ᠋ᠢᠯᠡᠨ ᠵᠠᠰᠠᠭᠰᠠᠨ ᠲᠠᠯᠠᠪᠠᠢ 52000 ᠮᠦ᠍᠎ᠳᠤ ᠬᠦᠷᠦᠭᠰᠡᠨ ᠪᠠᠢ᠌ᠨ᠎ᠠ᠃ ᠣᠢ ᠰᠢᠭᠤᠶ ᠵᠢᠨ ᠬᠦᠨᠦᠭᠡᠯᠲᠤ ᠠᠮᠢᠳᠤ ᠪᠣᠳᠠᠰ᠎ᠤᠨ ᠦᠷᠭᠡᠳᠬᠦ ᠬᠠᠨᠳᠤᠰᠢ ᠵᠢ ᠪᠦᠲᠦᠮᠵᠢᠲᠡᠶ ᠬᠣᠷᠢᠭᠯᠠᠵᠤ ᠴᠢᠳᠠᠭᠰᠠᠨ ᠪᠠᠶ᠋ᠢᠨ᠎ᠠ᠃
      ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠬᠠᠮᠠᠭ᠋ᠠᠯᠠᠭᠴᠢᠳ᠎ᠠᠴᠠ 《ᠲᠣᠩᠰᠢᠭᠤᠯ   ᠰᠢᠪᠠᠭᠤ》 ᠵᠢᠨ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠠᠵᠢᠯ ᠮᠡᠷᠭᠡᠵᠢᠯ ᠵᠶ᠋ᠠᠨ ᠢᠮᠠᠭᠲᠠ ᠡᠷᠬᠢᠮᠯᠡᠨ ᠬᠠᠢ᠌ᠷᠠᠯᠠᠵᠦ᠂ ᠤᠶᠤᠨ ᠤᠬᠠᠭ᠋ᠠᠨ ᠵᠶ᠋ᠠᠨ ᠰᠢᠪᠬᠠᠨ ᠠᠵᠢᠯᠯᠠᠵᠦ᠂ ᠪᠠᠶ᠋ᠢᠭ᠋ᠠᠯᠢ ᠵᠢᠨ ᠡᠶ᠎ᠡ ᠵᠣᠬᠢᠴᠠᠯ᠎ᠢ ᠡᠷᠬᠢᠮᠯᠡᠵᠦ᠂ ᠨᠡᠷ᠎ᠡ ᠨᠢᠳᠡᠷ᠎ᠳᠡᠭᠡᠨ ᠨᠡᠢ᠌ᠴᠡᠭᠰᠡᠨ ᠤᠢ ᠰᠢᠭᠤᠶ ᠵᠢᠨ ᠬᠠᠮᠠᠭ᠋ᠠᠯᠠᠭᠴᠢ ᠪᠣᠯᠬᠤ᠎ᠪᠠᠷ ᠴᠢᠷᠮᠠᠢ᠌ᠵᠦ᠂ ᠲᠠᠰᠤᠷᠠᠯᠳᠠ ᠦᠭᠡᠢ ᠴᠢᠷᠮᠠᠢ᠌ᠯᠠᠭ᠎ᠠ᠎ᠪᠠᠷ ᠳᠠᠮᠵᠢᠨ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠣᠷᠴᠢᠨ ᠨᠥᠬᠥᠴᠡᠯ᠎ᠢ ᠮᠡᠳᠡᠭᠳᠡᠬᠦᠶ᠋ᠢᠴᠡ ᠰᠠᠶ᠋ᠢᠵᠢᠷᠠᠭᠤᠯᠵᠤ᠂ ᠭᠤᠷᠪᠠ ᠵᠢ ᠴᠠᠭ᠋ᠠᠵᠠᠯᠠᠬᠤ ᠠᠵᠢᠯ ᠢᠯᠡᠳᠲᠡ ᠠᠮᠵᠢᠯᠲᠠ ᠣᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠎ᠳᠤ ᠭᠠᠷᠭ᠋ᠠᠪᠠᠰᠤ ᠵᠣᠬᠢᠬᠤ ᠬᠤᠪᠢ ᠨᠡᠮᠡᠷᠢ ᠦᠵᠡᠭᠦᠯᠦᠭᠰᠡᠨ ᠶᠤᠮ᠂ ᠲᠡᠳᠡ ᠪᠣᠯ ᠮᠠᠨ᠎ᠤ ᠬᠠᠮᠤᠭ᠎ᠤᠨ ᠬᠠᠶ᠋ᠢᠷᠠᠲᠠᠶ ᠬᠥᠮᠦᠰ   ᠪᠤᠯᠤᠨ᠎ᠠ᠃ (ᠬᠠᠢ᠌ᠷᠬᠠᠨ)

ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠶ᠋ᠢᠮᠠᠭ᠎ᠤᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ ᠮᠡᠳᠡᠭᠳᠡᠬᠦᠶ᠋ᠢᠴᠡ ᠦᠷ᠎ᠡ ᠪᠦᠲᠦᠮᠵᠢ ᠤᠯᠪᠠ
ᠬᠥᠯᠥᠨ ᠪᠤᠢ᠌ᠷ ᠬᠤᠳᠠ ᠵᠢᠨ ᠮᠠᠨᠵᠤᠤᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠄ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠦ᠂ ᠡᠶ᠎ᠡ ᠵᠤᠬᠢᠴᠠᠯᠳᠤ ᠠᠮᠢ ᠠᠬᠤᠢ ᠵᠢ ᠬᠠᠮᠲᠤᠪᠠᠷ ᠪᠠᠢ᠌ᠭᠤᠯᠤᠨ᠎ᠠ
ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠬᠤᠭᠤᠴᠠᠭ᠋ᠠᠨ᠎ᠳᠤ ᠤᠷᠢᠳᠴᠢᠯᠠᠨ ᠣᠷᠣᠪᠠ
ᠡᠵᠡᠨ᠎ᠡ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ᠎ᠠᠴᠠ ᠤᠬᠠᠭᠤᠯᠭ᠎ᠠ ᠵᠢᠨ ᠫᠠᠶ᠋ᠢᠰᠠ ᠵᠢ ᠤᠭᠰᠠᠷᠠᠨ ᠲᠤᠬᠢᠷᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ ᠵᠢᠨ ᠬᠡᠪᠴᠢᠶ᠎ᠡ ᠵᠢ ᠥᠷᠭᠡᠳᠬᠡᠪᠡ
ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠤᠢ ᠰᠢᠭᠤᠢ ᠵᠢᠨ ᠨᠠᠮᠤᠷ᠎ᠤᠨ ᠤᠯᠠᠷᠢᠯ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠶᠠᠪᠤᠭᠳᠠᠭᠤᠯᠪᠠ
 
             蒙ICP备05000248号