ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠡᠳᠡᠭᠡ
ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠬᠠᠮᠤᠭ᠎ᠤᠨ ᠴᠢᠬᠤᠯᠠ ᠤᠯᠤᠰ ᠲᠦᠷᠦ ᠵᠢᠨ ᠡᠭᠦᠷᠭᠡ ᠪᠠ ᠠᠵᠢᠯ᠎ᠤᠨ ᠭᠣᠣᠯᠳᠠᠯᠭ᠎ᠠ ᠪᠤᠯᠭ᠋ᠠᠬᠤ ᠵᠢ ᠢᠮᠠᠭᠲᠠ ᠪᠠᠷᠢᠮᠲᠠᠯᠠᠵᠤ᠂ ᠤᠯᠠᠨ ᠤᠳᠠᠭ᠎ᠠ ᠬᠤᠷᠠᠯ ᠬᠤᠷᠠᠯᠳᠤᠭᠤᠯᠵᠦ᠂ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠰᠤᠳᠤᠯᠵᠦ᠂ ᠪᠠᠢ᠌ᠷᠢᠯᠠᠭᠤᠯᠤᠨ ᠲᠤᠬᠢᠷᠠᠭᠤᠯᠵᠦ᠂ ᠠᠶ᠋ᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠲᠤᠬᠠᠶ ᠶᠡᠷᠦᠩᠬᠡᠶ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠡᠯ᠎ᠡ ᠲᠦᠷᠦᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠪᠠ᠃ ᠠᠵᠢᠯ ᠳᠦᠷᠦᠯ᠎ᠤᠨ ᠣᠨᠴᠠᠯᠢᠭ᠎ᠲᠠᠢ᠎ᠨᠢ ᠤᠶᠠᠯᠳᠤᠭᠤᠯᠤᠨ᠂ ᠰᠢᠯᠢ ᠵᠢᠨ ᠭᠣᠣᠯ ᠠᠶ᠋ᠢᠮᠠᠭ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ 《ᠰᠢᠯᠢ ᠵᠢᠨ ᠭᠣᠣᠯ ᠠᠶ᠋ᠢᠮᠠᠭ᠎ᠤᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ》 ᠪᠠ 《ᠰᠢᠯᠢ ᠵᠢᠨ ᠭᠣᠣᠯ ᠠᠶ᠋ᠢᠮᠠᠭ᠎ᠤᠨ ᠤᠢ ᠰᠢᠭᠤᠶ ᠵᠢᠨ ᠶᠠᠳᠠᠭᠤ ᠵᠢ ᠲᠡᠳᠬᠦᠬᠦ 2018 ᠣᠨ᠎ᠤ ᠬᠡᠷᠡᠭᠵᠢᠭᠦᠯᠬᠦ ᠲᠥᠰᠦᠯ》᠎ᠢ ᠰᠤᠳᠤᠯᠤᠨ ᠲᠣᠭᠲᠠᠭ᠋ᠠᠵᠤ᠂ ᠤᠢ ᠰᠢᠭᠤᠶ ᠵᠢᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠨᠢᠭᠲᠠ ᠤᠶᠠᠯᠳᠤᠭᠤᠯᠤᠨ᠂ ᠤᠢ ᠰᠢᠭᠤᠶ ᠵᠢᠨ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠦᠢ᠍ᠯᠡᠳᠦᠯ᠎ᠢ ᠴᠢᠷᠮᠠᠶ᠋ᠢᠨ ᠪᠠᠳᠠᠷᠠᠭᠤᠯᠪᠠ᠃
ᠨᠢᠭᠡ᠎ᠳᠤ᠂ ᠠᠮᠢ ᠠᠬᠤᠶ ᠵᠢᠨ ᠢᠨᠵᠧᠨᠧᠷᠢᠩ᠎ᠤᠨ ᠲᠠᠯ᠎ᠠ᠎ᠪᠠᠷ᠃ ᠪᠦᠬᠦ ᠠᠶ᠋ᠢᠮᠠᠭ᠎ᠤᠨ ᠶᠠᠳᠠᠭᠤ ᠬᠦᠴᠢᠷᠳᠡᠯᠲᠡᠢ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠶ ᠵᠢᠨ ᠢᠨᠵᠧᠨᠧᠷᠢᠩ᠎ᠤᠨ ᠲᠥᠷᠥᠯ ᠵᠦᠢᠯ᠎ᠢ 37.25 ᠲᠦᠮᠡᠨ ᠮᠦ᠍ ᠲᠣᠬᠢᠷᠠᠭᠤᠯᠵᠤ᠂ ᠪᠥᠬᠥ ᠠᠶ᠋ᠢᠮᠠᠭ᠎ᠤᠨ ᠢᠨᠵᠧᠨᠧᠷᠢᠩ᠎ᠤᠨ ᠲᠥᠷᠥᠯ ᠵᠦᠢ᠍ᠯ᠎ᠤᠨ ᠶᠡᠷᠦᠩᠬᠡᠶ ᠬᠡᠮᠵᠢᠶ᠎ᠡ ᠵᠢᠨ 82 % ᠵᠢ ᠡᠵᠡᠯᠡᠵᠦ ᠪᠤᠢ᠃ ᠣᠳᠣᠬᠠᠨ᠎ᠳᠤ 34.2 ᠲᠦᠮᠡᠨ ᠮᠦ᠍ ᠵᠢ ᠨᠢᠭᠡᠨᠳᠠ ᠪᠡᠶᠡᠯᠡᠭᠦᠯᠵᠦ᠂ ᠲᠥᠯᠥᠪᠯᠡᠭᠡ ᠵᠢᠨ ᠵᠶ᠋ᠡᠨ 91.8% ᠵᠢ ᠪᠡᠶᠡᠯᠡᠬᠦᠯᠪᠠ᠃ ᠠᠬᠢᠭᠤᠯᠬᠤ ᠶᠠᠪᠤᠴᠠ ᠳᠤᠮᠳᠠ᠂ ᠮᠠᠯᠴᠢᠨ ᠲᠠᠷᠢᠶᠠᠴᠢᠨ ᠵᠢᠴᠢ ᠲᠡᠭᠦᠨ᠎ᠤ ᠲᠤᠰᠬᠠᠶ ᠬᠣᠷᠰᠢᠶ᠎ᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠴᠢ ᠬᠠᠮᠢᠶᠠᠷᠤᠨ ᠬᠠᠮᠠᠭ᠋ᠠᠯᠠᠬᠤ᠎ᠳᠤ ᠣᠷᠣᠯᠴᠠᠬᠤ ᠪᠠ ᠡᠭᠦᠷᠭᠡᠯᠡᠬᠦ ᠵᠢ ᠵᠣᠷᠢᠭᠵᠢᠭᠤᠯᠤᠨ ᠲᠡᠮᠵᠢᠬᠦ ᠵᠢᠨ ᠬᠠᠮᠳᠤ᠂ ᠭᠠᠵᠠᠷ ᠰᠢᠷᠣᠶ ᠵᠢᠨ ᠡᠷᠬᠡ ᠵᠢᠨ ᠬᠠᠷᠢᠶᠠᠯᠠᠯ ᠵᠢᠴᠢ 《ᠬᠡᠨ ᠣᠶ᠋ᠢᠵᠢᠭᠤᠯᠪᠠᠯ ᠬᠡᠨ ᠥᠮᠴᠢᠯᠡᠬᠦ》 ᠲᠥᠷᠦ ᠵᠢᠨ ᠪᠣᠳᠤᠯᠭ᠎ᠠ ᠵᠢᠨ ᠶᠤᠰᠤᠭ᠋ᠠᠷ᠂ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠤᠨ ᠡᠵᠡᠩᠨᠡᠬᠦ ᠡᠷᠬᠡ᠂ ᠠᠰᠢᠭ ᠤᠯᠬᠤ ᠡᠷᠬᠡ ᠵᠢ ᠦᠨᠡᠨᠬᠦ ᠪᠣᠳᠠᠲᠠᠶ ᠨᠠᠢ᠌ᠳᠠᠪᠤᠷᠢᠵᠢᠭᠤᠯᠤᠨ᠎ᠠ᠃ ᠬᠣᠶᠠᠷ᠎ᠲᠤ᠂ ᠠᠮᠢ ᠠᠬᠤᠢ ᠵᠢᠨ ᠤᠢ ᠰᠢᠭᠤᠢ ᠵᠢᠨ ᠬᠠᠮᠠᠭ᠋ᠠᠯᠠᠭᠴᠢ ᠵᠢᠨ ᠲᠠᠯ᠎ᠠ᠎ᠪᠠᠷ᠃ 2016 ᠣᠨ᠎ᠳᠤ᠂ ᠤᠯᠤᠰ᠎ᠠᠴᠠ ᠠᠮᠢ ᠠᠬᠤᠢ ᠵᠢᠨ ᠤᠢ ᠰᠢᠭᠤᠢ ᠵᠢᠨ ᠬᠠᠮᠠᠭ᠋ᠠᠯᠠᠭᠴᠢᠳ᠎ᠤᠨ ᠳᠦᠷᠦ ᠵᠢᠨ ᠪᠤᠲᠤᠯᠭ᠎ᠠ ᠵᠢᠨ ᠨᠥᠬᠥᠪᠥᠷᠢ ᠵᠢ ᠡᠬᠢᠯᠡᠨ ᠬᠡᠷᠡᠭᠵᠢᠬᠦᠯᠵᠦ᠂ ᠨᠢᠭᠡᠳᠦᠭᠡᠷ ᠪᠦᠯᠦᠭ᠎ᠲᠤ ᠮᠠᠨ᠎ᠤ ᠠᠶ᠋ᠢᠮᠠᠭ᠎ᠤᠨ 3 ᠤᠯᠤᠰ᠎ᠤᠨ ᠶᠠᠳᠠᠭᠤ ᠬᠦᠴᠢᠷᠳᠡᠯᠲᠡᠢ ᠰᠢᠶᠠᠨ᠎ᠤ 100 ᠨᠡᠷᠡᠰ ᠶᠠᠳᠠᠭᠤ ᠬᠦᠴᠢᠷᠳᠡᠯᠲᠡᠶ ᠡᠷᠦᠬᠡ ᠵᠢ ᠠᠮᠢ ᠠᠬᠤᠶ ᠵᠢᠨ ᠤᠢ ᠰᠢᠭᠤᠶ ᠵᠢᠨ ᠬᠠᠮᠠᠭ᠋ᠠᠯᠠᠭᠴᠢ᠎ᠪᠠᠷ ᠲᠤᠬᠢᠷᠠᠭᠤᠯᠪᠠ᠃ 2018 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠮᠠᠨ᠎ᠤ ᠠᠢ᠌ᠮᠠᠭ᠎ᠤᠨ 3 ᠤᠯᠤᠰ᠎ᠤᠨ ᠶᠠᠳᠠᠭᠤ ᠬᠦᠴᠢᠷᠳᠡᠯᠲᠡᠶ ᠰᠢᠶᠠᠨ᠎ᠤ ᠶᠠᠳᠠᠭᠤ ᠬᠦᠴᠢᠷᠳᠡᠯᠲᠡᠢ ᠡᠷᠦᠬᠡ ᠵᠢᠨ ᠡᠪᠬᠡᠮᠡᠯ᠎ᠲᠠᠢ 300 ᠨᠡᠷᠡᠰ ᠠᠮᠢ ᠠᠬᠤᠢ ᠵᠢᠨ ᠤᠢ ᠰᠢᠭᠤᠢ ᠵᠢᠨ ᠬᠠᠮᠠᠭ᠋ᠠᠯᠠᠭᠴᠢ ᠵᠢ ᠨᠡᠮᠡᠭᠳᠡᠭᠦᠯᠪᠡ᠃ ᠣᠳᠣᠬᠠᠨ᠎ᠳᠤ ᠶᠡᠷᠦᠩᠬᠡᠶ ᠲᠤᠭ᠎ᠠ᠎ᠨᠢ 400 ᠨᠡᠷᠡᠰ ᠬᠦᠷᠴᠤ᠂ ᠵᠢᠯ ᠪᠦᠷᠢ ᠬᠥᠮᠦᠨ ᠳᠤᠮᠳᠠᠴᠢ ᠵᠢᠨ ᠨᠥᠬᠥᠪᠥᠷᠢ ᠪᠡᠯᠡ ᠮᠥᠩᠭᠥ᠎ᠨᠢ 1 ᠲᠦᠮᠡᠨ ᠲᠥᠭᠥᠷᠢᠭ ᠪᠣᠯᠤᠨ᠎ᠠ᠃ ᠭᠤᠷᠪᠠ᠎ᠳᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠨᠥᠬᠥᠪᠥᠷᠢ ᠣᠯᠭᠣᠬᠤ ᠲᠠᠯ᠎ᠠ᠎ᠪᠠᠷ᠃ 8 ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠳᠤ ᠤᠯᠤᠰ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠨᠥᠬᠥᠪᠥᠷᠢ ᠵᠢᠨ ᠲᠠᠯᠠᠪᠠᠶ ᠵᠢ 1260 ᠲᠦᠮᠡᠨ ᠮᠥ᠍ ᠵᠢ ᠨᠠᠶ᠋ᠢᠳᠠᠪᠤᠷᠢᠵᠢᠭᠤᠯᠵᠤ᠂ ᠵᠢᠯ᠎ᠤᠨ ᠨᠥᠬᠥᠪᠥᠷᠢ ᠪᠡᠯᠡ ᠮᠥᠩᠭᠥ᠎ᠨᠢ 1.8 ᠳ᠋ᠦᠩᠰᠢᠭᠤᠷ ᠲᠥᠭᠥᠷᠢᠭ ᠪᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠨᠥᠬᠥᠪᠥᠷᠢ ᠵᠢᠨ ᠲᠠᠯᠠᠪᠠᠶ ᠵᠢ 25 ᠲᠦᠮᠡᠨ ᠮᠦ᠍ ᠵᠢ ᠨᠠᠢ᠌ᠳᠠᠪᠤᠷᠢᠵᠢᠭᠤᠯᠵᠦ᠂ ᠵᠢᠯ᠎ᠤᠨ ᠨᠥᠬᠥᠪᠥᠷᠢ ᠪᠡᠯᠡ ᠮᠥᠩᠭᠥ᠎ᠨᠢ 75 ᠲᠦᠮᠡᠨ ᠲᠥᠭᠥᠷᠢᠭ ᠪᠣᠯᠤᠨ᠎ᠠ᠃ ᠣᠳᠣᠬᠠᠨ᠎ᠳᠤ᠂ ᠨᠥᠬᠥᠪᠥᠷᠢ ᠪᠠᠯᠠ ᠮᠥᠩᠭᠥ ᠵᠢ ᠨᠢᠭᠡᠨᠲᠡ ᠬᠤᠰᠢᠭᠤ ᠰᠢᠶᠠᠨ᠎ᠳᠤ ᠪᠥᠬᠥᠳᠡ ᠵᠢ ᠰᠢᠯᠵᠢᠭᠦᠯᠦᠨ ᠦᠭᠴᠦ᠂ ᠰᠢᠭᠤᠳ ᠮᠠᠯᠴᠢᠨ ᠲᠠᠷᠢᠶᠠᠴᠢᠳ᠎ᠤᠨ ᠭᠠᠷ᠎ᠲᠤ ᠬᠦᠷᠭᠡᠪᠡ᠃