ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠤᠢ᠌ᠷ ᠬᠤᠳᠠ ᠵᠢᠨ ᠮᠠᠨᠵᠤᠤᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠄ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠦ᠂ ᠡᠶ᠎ᠡ ᠵᠤᠬᠢᠴᠠᠯᠳᠤ ᠠᠮᠢ ᠠᠬᠤᠢ ᠵᠢ ᠬᠠᠮᠲᠤᠪᠠᠷ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2018-10-24


          ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                          ᠰᠦᠯᠵᠢᠶ᠎ᠡ ᠵᠢᠨ ᠮᠡᠳᠡᠭᠡ

      ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠴᠢᠬᠤᠯᠠ ᠠᠴᠢ ᠬᠣᠯᠪᠣᠭᠳᠠᠯ᠎ᠢ ᠤᠬᠠᠭᠤᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠮᠡᠳᠡᠯᠭᠡ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠬᠦᠯᠬᠦ ᠵᠢᠨ ᠲᠤᠰᠠᠳᠠ᠂ ᠦᠢ᠍ᠷ᠎ᠠ ᠵᠢᠨ ᠡᠳᠦᠷ᠂ ᠮᠠᠨᠵᠤᠤᠷ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠮᠠᠨᠵᠤᠤᠷ᠎ᠤᠨ ᠲᠤᠤ ᠸᠠ ᠠᠭᠤᠳᠠᠮ ᠳᠠᠯᠠᠪᠠᠢ᠎ᠳᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠦ᠂ ᠡᠶ᠎ᠡ ᠵᠤᠬᠢᠴᠠᠯᠳᠤ ᠠᠮᠢ ᠠᠬᠤᠢ ᠵᠢ ᠬᠠᠮᠲᠤᠪᠠᠷ ᠪᠠᠶ᠋ᠢᠭᠤᠯᠬᠤ ᠲᠤᠰᠬᠠᠢ ᠰᠡᠳᠤᠪᠲᠤ ᠠᠵᠢᠯᠯᠠᠭ᠎ᠠ ᠦᠷᠨᠢᠬᠦᠯᠪᠠ᠃
      ᠲᠤᠰ ᠤᠳᠠᠭ᠋ᠠᠨ᠎ᠤ ᠠᠵᠢᠯᠯᠠᠭ᠎ᠠ᠎ᠨᠢ ᠦᠵᠡᠮᠵᠢ ᠵᠢᠨ ᠣᠷᠣᠨ᠎ᠤ ᠵᠢᠭᠤᠯᠴᠢᠯᠠᠭᠴᠢᠳ᠎ᠤᠨ ᠵᠠᠪᠠᠯ ᠥᠩᠭᠡᠷᠡᠬᠦ ᠨᠡᠪᠲᠡᠷᠡᠬᠦ ᠵᠠᠮ ᠲᠡᠭᠡᠷ᠎ᠡ ᠤᠬᠠᠭᠤᠯᠭ᠎ᠠ ᠵᠢᠨ ᠳᠡᠯᠭᠡᠨ ᠦᠵᠡᠬᠦᠯᠦᠯᠭᠡ ᠵᠢᠨ ᠬᠠᠪᠲᠠᠰᠤ ᠡᠯᠬᠦᠵᠦ᠂ ᠵᠢᠭᠤᠯᠴᠢᠯᠠᠭᠴᠢᠳ᠎ᠲᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠭᠤᠯᠭ᠎ᠠ ᠵᠢᠨ ᠬᠠᠭᠤᠳᠠᠰᠤ ᠳᠠᠷᠬᠠᠭ᠋ᠠᠵᠦ᠂ ᠦᠵᠡᠮᠵᠢ ᠵᠢᠨ ᠣᠷᠣᠨ᠎ᠤ ᠳᠣᠲᠣᠷᠠᠬᠢ ᠵᠢᠭᠤᠯᠴᠢᠯᠠᠭᠴᠢᠳ᠎ᠤᠨ ᠵᠥᠪᠯᠡᠯᠭᠡ ᠵᠢ ᠬᠦᠯᠢᠶᠠᠨ ᠠᠪᠴᠤ᠂ ᠦᠵᠡᠮᠵᠢ ᠵᠢᠨ ᠣᠷᠣᠨ᠎ᠳᠠᠬᠢ ᠵᠢᠭᠤᠯᠴᠢᠯᠠᠯ᠎ᠤᠨ ᠳᠤᠷᠠᠰᠬᠠᠯ᠎ᠤᠨ ᠡᠳ᠋᠎ᠤᠨ ᠳᠡᠯᠭᠡᠭᠦᠷ᠎ᠢ ᠰᠤᠷᠪᠤᠯᠵᠢᠯᠠᠨ ᠶᠠᠪᠤᠬᠤ ᠵᠡᠷᠭᠡ ᠠᠷᠭ᠎ᠠ ᠮᠠᠶᠢᠭ ᠵᠶ᠋ᠠᠷ᠂ ᠵᠢᠭᠤᠯᠴᠢᠯᠠᠭᠴᠢᠳ ᠪᠠ ᠵᠢᠭᠤᠯᠴᠢᠯᠠᠯ᠎ᠤᠨ ᠳᠤᠷᠠᠰᠬᠠᠯ᠎ᠤᠨ ᠡᠳ᠋᠎ᠤᠨ ᠳᠡᠯᠭᠡᠭᠦᠷ᠎ᠲᠤ ᠰᠠᠨᠠᠭ᠋ᠠᠴᠢᠯᠠᠭ᠎ᠠ ᠭᠠᠷᠭ᠋ᠠᠪᠠ᠃ ᠵᠢᠭᠤᠯᠴᠢᠯᠠᠭᠴᠢᠳ ᠪᠠ ᠵᠢᠭᠤᠯᠴᠢᠯᠠᠯ᠎ᠤᠨ ᠳᠤᠷᠠᠰᠬᠠᠯ᠎ᠤᠨ ᠡᠳ᠋᠎ᠤᠨ ᠳᠡᠯᠭᠡᠭᠦᠷ᠎ᠤᠳ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠬᠤ ᠵᠢᠨ ᠲᠤᠰᠠᠳᠠ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠪᠠᠷᠢᠨ ᠬᠦᠨᠦᠭᠡᠬᠦ ᠦᠭᠡᠢ᠂ ᠵᠡᠷᠯᠢᠭ ᠠᠮᠢᠳᠠᠨ ᠵᠢᠴᠢ ᠲᠡᠭᠦᠨ᠎ᠤ ᠦᠢ᠍ᠯᠡᠳᠬᠦᠨ᠎ᠢ ᠬᠤᠳᠠᠯᠳᠤᠨ ᠤᠷᠤᠭᠤᠯᠬᠤ ᠦᠭᠡᠢ᠂ ᠬᠤᠳᠠᠯᠳᠤᠨ ᠪᠤᠷᠤᠯᠠᠭᠤᠯᠬᠤ ᠦᠭᠡᠢ᠂   ᠪᠡᠶ᠎ᠡ᠎ᠳᠡᠭᠡᠨ ᠠᠪᠴᠤ ᠶᠠᠪᠤᠬᠤ ᠦᠭᠡᠢ ᠪᠠᠢ᠌ᠬᠤ ᠪᠠ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠬᠤᠳᠠᠯᠳᠤᠭ᠋ᠠᠯᠠᠬᠤ ᠵᠡᠷᠭᠡ ᠵᠡᠷᠯᠢᠭ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠡᠯ᠎ᠡ ᠵᠦᠢ᠍ᠯ᠎ᠤᠨ ᠶᠠᠯᠠᠲᠤ ᠠᠵᠢᠯᠯᠠᠭ᠎ᠠ᠎ᠳᠤ ᠣᠷᠣᠯᠴᠠᠬᠤ ᠦᠭᠡᠢ ᠪᠠᠶ᠋ᠢᠬᠤ ᠵᠢ ᠰᠠᠨᠠᠭ᠋ᠠᠴᠢᠯᠠᠪᠠ᠃ ᠡᠭᠦᠨ᠎ᠤ ᠬᠠᠮᠲᠤ ᠲᠤᠰ ᠤᠳᠠᠭ᠋ᠠᠨ᠎ᠤ ᠠᠵᠢᠯᠯᠠᠭ᠎ᠠ᠎ᠨᠢ ᠥᠷᠭᠡᠨ ᠣᠯᠠᠨ ᠵᠢᠭᠤᠯᠴᠢᠯᠠᠭᠴᠢᠳ ᠪᠠ ᠤᠯᠠᠨ ᠲᠦᠮᠡᠨ᠎ᠢ ᠬᠠᠤᠯᠢ ᠪᠤᠰᠤ᠎ᠪᠠᠷ ᠵᠡᠷᠯᠢᠭ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠬᠤ ᠵᠢ ᠢᠳᠡᠪᠬᠢᠲᠡᠶ ᠬᠥᠲᠥᠯᠥᠨ ᠵᠢᠯᠣᠭᠣᠳᠴᠤ᠂ ᠥᠷᠭᠡᠨ ᠣᠯᠠᠨ ᠵᠢᠭᠤᠯᠴᠢᠯᠠᠭᠴᠢᠳ ᠪᠠ ᠤᠯᠠᠨ ᠲᠦᠮᠡᠨ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠬᠦ᠎ᠨᠢ ᠠᠮᠢ ᠠᠬᠤᠶ ᠵᠢᠨ ᠣᠷᠴᠢᠨ ᠨᠥᠬᠥᠴᠡᠯ᠎ᠳᠤ ᠠᠪᠴᠢᠷᠠᠭᠰᠠᠨ ᠬᠦᠨᠳᠦ ᠨᠣᠴᠢᠲᠠᠶ ᠦᠷ᠎ᠡ ᠨᠦᠯᠦᠭᠡ ᠵᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠎ᠪᠠᠷ ᠤᠬᠠᠭᠤᠯᠵᠦ᠂ ᠲᠤᠰ ᠤᠳᠠᠭ᠋ᠠᠨ᠎ᠤ ᠠᠵᠢᠯᠯᠠᠭ᠋ᠠᠨ᠎ᠤ ᠪᠣᠳᠠᠲᠤ ᠠᠴᠢ ᠬᠣᠯᠪᠣᠭᠳᠠᠯ᠎ᠢ ᠭᠦᠢ᠍ᠴᠡᠳ ᠢᠯᠡᠷᠡᠬᠦᠯᠪᠡ᠃
      ᠲᠤᠰ ᠤᠳᠠᠭ᠋ᠠᠨ᠎ᠤ ᠠᠵᠢᠯᠯᠠᠭ᠎ᠠ᠎ᠨᠢ ᠨᠡᠶ᠋ᠢᠲᠡ 300 ᠭᠠᠷᠤᠶ ᠬᠤᠪᠢ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠦ᠂ 50 ᠭᠠᠷᠤᠶ ᠬᠤᠪᠢ ᠵᠢᠭᠤᠯᠴᠢᠯᠠᠭᠴᠢᠳ᠎ᠤᠨ ᠵᠦᠪᠯᠡᠬᠡ ᠵᠢ ᠬᠦᠯᠢᠶᠡᠨ ᠠᠪᠴᠤ᠂ ᠬᠣᠶᠠᠷ ᠭᠠᠵᠠᠷ᠎ᠲᠤ ᠤᠬᠠᠭᠤᠯᠭ᠎ᠠ ᠵᠢᠨ ᠲᠡᠯᠭᠡᠨ ᠦᠵᠡᠬᠦᠯᠦᠯᠭᠡ ᠵᠢᠨ ᠬᠠᠪᠲᠠᠰᠤ ᠵᠢ ᠡᠯᠭᠦᠵᠡᠢ᠃ ᠡᠬᠦᠨ᠎ᠤ ᠬᠠᠮᠳᠤ᠂ ᠤᠬᠠᠭᠤᠯᠭ᠎ᠠ ᠵᠢᠨ ᠠᠵᠢᠯᠯᠠᠭ᠋ᠠᠨ᠎ᠢ ᠨᠥᠯᠥᠭᠡᠯᠡᠬᠦ ᠬᠦᠴᠦᠨ᠎ᠢ ᠥᠷᠭᠡᠳᠬᠡᠬᠦ ᠵᠢᠨ ᠲᠤᠯᠠᠳᠠ᠂ ᠮᠠᠨᠵᠤᠤᠷ ᠬᠣᠲᠠ ᠵᠢᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠵᠢ ᠲᠤᠰᠬᠠᠢ᠌ᠯᠠᠨ ᠤᠷᠢᠵᠦ᠂ ᠲᠤᠰ ᠤᠳᠠᠭ᠋ᠠᠨ᠎ᠤ ᠠᠵᠢᠯᠯᠠᠭ᠎ᠠ ᠵᠢ ᠮᠥᠷᠳᠡᠨ ᠰᠡᠬᠦᠳᠡᠷᠯᠡᠵᠦ᠂ ᠥᠷᠭᠡᠨ ᠤᠯᠠᠨ ᠲᠦᠮᠡᠨ᠎ᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠤᠬᠠᠮᠰᠠᠷ᠂ ᠵᠡᠷᠯᠢᠭ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠢᠯᠡᠴᠢᠯᠡᠨ ᠮᠡᠳᠡᠭᠦᠯᠬᠦ ᠤᠬᠠᠮᠰᠠᠷᠲᠤ ᠴᠢᠨᠠᠷ ᠪᠣᠯᠤᠨ ᠢᠳᠡᠪᠬᠢᠵᠢᠯ᠎ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠨᠡᠶ᠋ᠢᠭᠡᠮ ᠨᠡᠢ᠌ᠳᠠ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠲᠤᠪᠠᠷ ᠬᠠᠢ᠌ᠷᠠᠯᠠᠨ ᠬᠠᠯᠠᠮᠵᠢᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠤᠯᠭ᠋ᠠᠪᠠ᠃ (ᠯᠢ ᠺᠦᠨ)

ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠬᠤᠭᠤᠴᠠᠭ᠋ᠠᠨ᠎ᠳᠤ ᠤᠷᠢᠳᠴᠢᠯᠠᠨ ᠣᠷᠣᠪᠠ
ᠡᠵᠡᠨ᠎ᠡ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ᠎ᠠᠴᠠ ᠤᠬᠠᠭᠤᠯᠭ᠎ᠠ ᠵᠢᠨ ᠫᠠᠶ᠋ᠢᠰᠠ ᠵᠢ ᠤᠭᠰᠠᠷᠠᠨ ᠲᠤᠬᠢᠷᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ ᠵᠢᠨ ᠬᠡᠪᠴᠢᠶ᠎ᠡ ᠵᠢ ᠥᠷᠭᠡᠳᠬᠡᠪᠡ
ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠤᠢ ᠰᠢᠭᠤᠢ ᠵᠢᠨ ᠨᠠᠮᠤᠷ᠎ᠤᠨ ᠤᠯᠠᠷᠢᠯ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠶᠠᠪᠤᠭᠳᠠᠭᠤᠯᠪᠠ
ᠪᠢᠳᠡᠨ᠎ᠤ ᠰᠢᠷᠭᠤᠯᠵᠢ ᠣᠢ ᠰᠢᠭᠤᠶ ᠵᠢᠨ ᠫᠠᠶ᠋ᠢᠰᠠ᠎ᠨᠢ ᠠᠰᠢᠭᠯᠠᠯᠲᠠ᠎ᠳᠤ ᠣᠷᠣᠪᠠ᠂ ᠮᠡᠳᠡᠷᠡᠨ ᠠᠪᠬᠤ᠎ᠪᠠᠷ ᠪᠡᠯᠡᠳᠭᠡᠷᠡᠢ!
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠰᠢᠷ᠎ᠠ ᠦᠨᠳᠦᠷ ᠬᠠᠮᠠᠭ᠋ᠠᠯᠠᠯᠲᠠ ᠵᠢᠨ ᠣᠷᠣᠨ᠎ᠠᠴᠠ ᠪᠠᠷᠢᠮᠵᠢᠶ᠎ᠠ ᠵᠢ ᠪᠠᠲᠤᠯᠠᠨ ᠵᠠᠭ᠋ᠠᠭ᠎ᠢ ᠲᠣᠭᠲᠠᠭ᠋ᠠᠬᠤ ᠠᠵᠢᠯ ᠵᠶ᠋ᠠᠨ ᠠᠮᠵᠢᠯᠲᠠᠲᠠᠢ ᠲᠡᠭᠦᠰᠬᠡᠪᠡ
 
             蒙ICP备05000248号