ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 9 ᠰᠠᠷ᠎ᠠ ᠵᠢᠨ 6᠎ᠤ ᠡᠳᠦᠷ᠎ᠤᠨ ᠮᠡᠳᠡᠭᠡ
ᠰᠢᠭᠤᠶ᠋ᠢᠲᠤ ᠣᠷᠣᠨ᠎ᠤ ᠭᠠᠯ ᠰᠡᠷᠬᠡᠢ᠌ᠯᠡᠵᠦ ᠬᠤᠯᠠᠭ᠋ᠠᠶ ᠵᠢ ᠰᠡᠷᠭᠡᠶ᠋ᠢᠯᠡᠬᠦ ᠪᠠ ᠬᠠᠤᠯᠢ᠎ᠠᠴᠠ ᠵᠦᠷᠢᠴᠡᠭᠰᠡᠨ ᠶᠠᠯᠠᠳᠤ ᠠᠵᠢᠯᠯᠠᠭ᠎ᠠ᠎ᠳᠤ ᠴᠤᠬᠢᠯᠳᠠ ᠦᠭᠬᠦ ᠴᠢᠳᠠᠪᠤᠷᠢ ᠵᠢ ᠦᠨᠡᠨᠬᠦ ᠴᠢᠩᠭ᠋ᠠᠳᠬᠠᠵᠦ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠬᠠᠤᠯᠢ ᠲᠦᠷᠢᠮᠵᠢᠬᠦᠯᠦᠯᠳᠡ᠂ ᠨᠡᠶ᠋ᠢᠭᠡᠮᠴᠢᠯᠡᠯᠲᠡ᠂ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠲᠡᠭᠡᠭᠰᠢᠯᠡᠬᠦᠯᠵᠦ᠂ ᠰᠢᠭᠤᠢ᠌ᠲᠤ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠵᠢ ᠲᠦᠯᠬᠢᠨ ᠠᠬᠢᠭᠤᠯᠬᠤ ᠵᠢᠨ ᠲᠤᠰᠠᠳᠠ᠂ 2013 ᠣᠨ᠎ᠳᠤ᠂ ᠦᠬᠠᠢ ᠬᠤᠳᠠ ᠵᠢᠨ ᠤᠢ ᠰᠢᠭᠤᠢ ᠵᠢᠨ ᠲᠤᠪᠴᠢᠶ᠎ᠠ᠎ᠠᠴᠠ ᠭᠠᠨᠳᠠᠷᠢ ᠠᠭᠤᠯᠠ ᠵᠢᠨ ᠦᠵᠡᠮᠵᠢ ᠵᠢᠨ ᠣᠷᠣᠨ᠎ᠤ ᠤᠢ ᠮᠤᠳᠤᠨ᠎ᠤ ᠢᠭᠴᠠᠷᠠᠭᠰᠠᠨ᠂ ᠵᠢᠭᠤᠯᠴᠢᠯᠠᠭᠴᠢᠳ ᠨᠡᠮᠡᠭᠳᠡᠵᠦ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠠᠭᠤᠯᠠᠨ᠎ᠳᠤ ᠤᠷᠤᠬᠤ ᠵᠠᠮ᠎ᠤᠨ ᠠᠮᠠᠨ ᠳᠡᠭᠡᠷ᠎ᠡ 3 ᠬᠤᠪᠢ ᠤᠨᠴᠠ ᠲᠤᠳᠤ ᠬᠢᠨᠠᠨ ᠡᠵᠡᠮᠰᠢᠬᠦ ᠳᠦᠷᠰᠦ ᠰᠢᠩᠭᠡᠭᠡᠯᠲᠡ ᠵᠢᠨ ᠮᠠᠰᠢᠨ᠎ᠢ ᠤᠭᠰᠠᠷᠠᠵᠤ᠂ ᠤᠷᠤᠵᠦ ᠭᠠᠷᠬᠤ ᠲᠡᠷᠭᠡ ᠬᠥᠰᠬᠡ ᠵᠢ 24 ᠴᠠᠭ ᠲᠠᠰᠤᠯᠳᠠᠭᠤᠯᠤᠯ ᠥᠬᠡᠶ ᠬᠢᠨᠠᠨ ᠡᠵᠡᠮᠳᠡᠵᠦ᠂ ᠪᠠᠷᠠᠭᠤᠨ ᠲᠤᠭᠤᠷᠢᠭ᠎ᠤᠨ ᠦᠵᠡᠮᠵᠢ ᠵᠢᠨ ᠵᠠᠮ᠎ᠤᠨ ᠰᠡᠭᠦᠯ᠎ᠤᠨ ᠬᠡᠰᠡᠭ ᠲᠤ 1 ᠬᠤᠪᠢ ᠪᠥᠮᠪᠥᠷᠭᠡᠨ ᠬᠡᠯᠪᠡᠷᠢᠲᠤ ᠬᠢᠨᠠᠨ ᠡᠵᠡᠮᠰᠢᠬᠦ ᠳᠦᠷᠰᠦ ᠰᠢᠩᠭᠡᠭᠡᠯᠲᠡ ᠵᠢᠨ ᠮᠠᠰᠢᠨ᠎ᠢ ᠤᠭᠰᠠᠷᠠᠵᠤ᠂ ᠡᠷᠬᠢᠨ ᠲᠣᠭᠣᠷᠢᠨ᠎ᠤ ᠣᠷᠣᠨ᠎ᠢ ᠴᠠᠭᠳᠠᠨ ᠪᠠᠢ᠌ᠴᠠᠭ᠋ᠠᠵᠦ ᠬᠢᠨᠠᠨ ᠡᠵᠡᠮᠳᠡᠵᠦ᠂ ᠰᠢᠭᠤᠢ᠌ᠲᠤ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠣᠷ᠎ᠢ ᠪᠦᠷᠢᠯᠳᠦᠭᠦᠯᠦᠭᠰᠡᠨ ᠪᠠᠶ᠋ᠢᠨ᠎ᠠ᠃ ᠦᠢ᠍ᠷ᠎ᠠ ᠵᠢᠨ ᠡᠳᠦᠷ᠂ ᠬᠤᠲᠠ ᠵᠢᠨ ᠤᠢ ᠰᠢᠭᠤᠢ ᠵᠢᠨ ᠲᠤᠪᠴᠢᠶ᠎ᠠ ᠵᠢᠨ ᠭᠠᠨᠳᠠᠷᠢ ᠠᠭᠤᠯᠠ ᠵᠢᠨ ᠮᠡᠷᠭᠡᠵᠢᠯ ᠵᠶ᠋ᠠᠷ ᠰᠡᠷᠭᠡᠶ᠋ᠢᠯᠡᠬᠦ ᠬᠢᠨᠠᠨ ᠡᠵᠡᠮᠳᠡᠬᠦ ᠰᠢᠰᠲ᠋ᠧᠮ᠎ᠨᠢ ᠮᠠᠨ᠎ᠤ ᠬᠣᠲᠠ ᠵᠢᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠵᠠᠩᠭᠢᠯᠠᠭ᠎ᠠ ᠵᠢᠨ ᠦᠢ᠍ᠯᠡᠳᠦᠯ ᠦᠵᠡᠬᠦᠯᠵᠦ ᠪᠤᠢ᠃
2018 ᠤᠨ᠎ᠤ 8 ᠰᠠᠷ᠎ᠠ ᠵᠢᠨ 5᠎ᠤ ᠡᠳᠦᠷ᠂ ᠬᠠᠢ ᠪᠦᠸᠸ ᠸᠠᠨ ᠲᠤᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠬᠤᠪᠢᠶᠠᠷᠢ ᠲᠣᠪᠴᠢᠶᠠᠨ᠎ᠤ ᠡᠷᠡᠭᠦᠦ ᠵᠢᠨ ᠴᠠᠭᠳᠠᠭ᠎ᠠ ᠵᠢᠨ ᠶᠡᠬᠡ ᠠᠩᠬᠢ᠎ᠠᠴᠠ ᠦᠬᠠᠢ ᠬᠤᠲᠠ ᠵᠢᠨ ᠰᠢᠩ ᠬᠠᠢ ᠰᠸ ᠰᠦᠮ᠎ᠡ ᠵᠢᠨ ᠠᠵᠢᠯᠳᠠᠨ᠎ᠤ ᠰᠢᠩ ᠬᠠᠢ ᠰᠸ ᠰᠦᠮ᠎ᠡ ᠵᠢᠨ ᠦᠭᠯᠢᠭᠡ ᠵᠢᠨ ᠬᠠᠶ᠋ᠢᠷᠴᠠᠭᠲᠠᠬᠢ ᠨᠢᠭᠡ ᠲᠦᠮᠡ ᠭᠠᠷᠤᠢ ᠲᠦᠬᠦᠷᠢᠭ᠎ᠤᠨ ᠪᠡᠯᠡᠨ ᠵᠣᠭᠣᠰ ᠬᠤᠯᠠᠭ᠋ᠠᠶ᠋ᠢᠯᠠᠭᠳᠠᠭᠰᠠᠨ ᠲᠤᠬᠠᠢ ᠬᠡᠷᠡᠭ᠎ᠤᠨ ᠮᠡᠳᠡᠬᠦᠯᠦᠯᠳᠡ ᠵᠢ ᠬᠦᠯᠢᠶᠠᠨ ᠠᠪᠤᠪᠠ᠂ ᠠᠷᠠᠳ᠎ᠤᠨ ᠴᠠᠭᠳᠠᠭ᠎ᠠ᠎ᠠᠴᠠ ᠬᠡᠷᠡᠭ ᠭᠠᠷᠤᠭᠰᠠᠨ ᠲᠡᠷᠡ ᠡᠳᠦᠷ ᠵᠢᠴᠢ ᠬᠡᠷᠡᠭ ᠡᠬᠦᠰᠬᠦ᠎ᠠᠴᠠ ᠡᠮᠦᠨᠡᠬᠢ ᠡᠳᠦᠷ᠎ᠤᠨ ᠬᠤᠲᠠ ᠵᠢᠨ ᠤᠢ ᠰᠢᠭᠤᠢ ᠵᠢᠨ ᠲᠤᠪᠴᠢᠶ᠎ᠠ ᠵᠢᠨ ᠭᠠᠨᠳᠠᠷᠢ ᠠᠭᠤᠯᠠ ᠵᠢᠨ ᠣᠷᠣᠵᠤ ᠭᠠᠷᠬᠤ ᠠᠭᠤᠯᠠᠨ ᠵᠠᠮ᠎ᠤᠨ ᠠᠭᠤᠯᠵᠠᠷ᠎ᠲᠠᠬᠢ ᠬᠢᠨᠠᠨ ᠡᠵᠡᠮᠳᠡᠯ᠎ᠤᠨ ᠮᠠᠰᠢᠨ ᠵᠶ᠋ᠡᠷ ᠰᠡᠵᠢᠭᠯᠡᠯᠲᠡᠶ ᠮᠠᠰᠢᠨ ᠲᠡᠷᠭᠡ ᠵᠢ ᠣᠯᠵᠤ ᠮᠡᠳᠡᠨ᠂ ᠡᠴᠦᠰ᠎ᠲᠤ 8 ᠰᠠᠷ᠎ᠠ ᠵᠢᠨ 9᠎ᠤ ᠡᠳᠦᠷ ᠭᠠᠨᠰᠦ ᠮᠤᠵᠢ ᠵᠢᠨ ᠯᠦᠩᠨᠠᠨ ᠬᠤᠳᠠ᠎ᠳᠤ ᠶᠠᠯ᠎ᠠ ᠬᠢᠭᠰᠡᠨ 4 ᠰᠡᠵᠢᠭᠳᠡᠨ᠎ᠢ ᠠᠮᠵᠢᠯᠲᠠ᠎ᠲᠠᠢ᠎ᠪᠠᠷ ᠪᠠᠷᠢᠵᠤ ᠠᠪᠴᠠᠶ᠃
ᠳᠠᠷᠠᠭ᠋ᠠᠴᠢ ᠵᠢᠨ ᠠᠯᠬᠤᠮ᠎ᠳᠤ᠂ ᠬᠤᠲᠠ ᠵᠢᠨ ᠤᠢ ᠰᠢᠭᠤᠢ ᠵᠢᠨ ᠲᠤᠪᠴᠢᠶ᠎ᠠ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠮᠡᠷᠭᠡᠵᠢᠯ᠎ᠤᠨ ᠰᠡᠷᠭᠡᠶ᠋ᠢᠯᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠢ ᠪᠦᠬᠦ ᠲᠠᠯ᠎ᠠ᠎ᠪᠠᠷ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠨᠡᠮᠡᠭᠳᠡᠬᠦᠯᠵᠦ᠂ ᠤᠯᠠᠨ ᠲᠦᠮᠡᠨ᠎ᠤ ᠠᠮᠤᠷ ᠲᠦᠪᠰᠢᠨ᠎ᠲᠠᠢ ᠬᠤᠯᠪᠤᠭᠳᠠᠬᠤ ᠣᠯᠠᠨ ᠡᠬᠦᠰᠦᠯᠳᠡ ᠵᠢᠨ ᠴᠢᠨᠠᠷᠲᠠᠢ ᠬᠡᠷᠡᠭ ᠪᠠ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠬᠡᠷᠡᠭ᠎ᠢ ᠪᠦᠲᠦᠮᠵᠢᠲᠡᠶ ᠰᠡᠷᠭᠡᠢ᠌ᠯᠡᠵᠦ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠲᠦᠭᠰᠢᠭᠦᠷᠢ ᠵᠢ ᠪᠦᠲᠦᠮᠵᠢᠲᠡᠶ᠎ᠪᠠᠷ ᠬᠠᠮᠢᠶᠠᠷᠤᠨ ᠡᠵᠡᠮᠳᠡᠵᠦ᠂ ᠤᠢ ᠰᠢᠭᠤᠶ ᠵᠢᠨ ᠣᠷᠣᠨ᠎ᠤ ᠤᠯᠠᠨ ᠲᠦᠮᠡᠨ᠎ᠤ ᠠᠮᠤᠷ ᠲᠦᠪᠰᠢᠨ᠎ᠤ ᠤᠬᠠᠮᠰᠠᠷ ᠪᠣᠯᠤᠨ ᠬᠠᠨᠤᠮᠵᠢ ᠵᠢᠨ ᠬᠡᠮᠵᠢᠶ᠎ᠠ ᠵᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃ (ᠸᠧᠶ ᠫᠸᠩ ᠪᠦᠸᠸ)