ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠂ ᠬᠤᠳᠠ ᠵᠢᠨ ᠨᠠᠮ᠎ᠤᠨ ᠬᠣᠷᠢᠶ᠎ᠠ ᠵᠢᠨ ᠳᠥᠷᠪᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠪᠠ ᠬᠣᠲᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠳᠥᠷᠪᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠢ᠌ᠳᠠᠪᠤᠷᠢᠵᠢᠭᠤᠯᠬᠤ᠂ 《ᠬᠣᠶᠠᠷ ᠬᠠᠷᠢᠭᠤᠴᠠᠯᠭ᠎ᠠ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠂ 《ᠨᠢᠭᠡ ᠠᠵᠢᠯ᠎ᠤᠨ ᠪᠠᠶ᠋ᠢᠷᠢ ᠳᠡᠭᠡᠷ᠎ᠡ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠨᠠᠷᠢᠨ ᠬᠢᠨᠠᠮᠠᠭ᠋ᠠᠶ ᠬᠦᠢ᠍ᠴᠡᠳᠬᠡᠬᠦ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠲᠠᠰᠤᠷᠠᠯᠲᠠ ᠦᠭᠡᠢ ᠭᠦᠨᠵᠡᠭᠡᠶ᠋ᠢᠷᠡᠨ ᠬᠦᠭᠵᠢᠬᠦ ᠵᠢ ᠠᠬᠢᠭᠤᠯᠬᠤ᠂ ᠰᠢᠨ᠎ᠡ ᠪᠠᠶ᠋ᠢᠳᠠᠯ ᠲᠤᠤᠷᠠᠬᠢ ᠤᠢ ᠰᠢᠭᠤᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠦᠢ᠍ᠷ᠎ᠠ ᠵᠢᠨ ᠡᠳᠦᠷ᠂ ᠬᠤᠳᠠ ᠵᠢᠨ ᠤᠢ ᠰᠢᠭᠤᠶ ᠵᠢᠨ ᠲᠣᠪᠴᠢᠶ᠎ᠠ᠎ᠠᠴᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠭᠣᠣᠯᠳᠠᠯᠭ᠎ᠠ᠎ᠲᠠᠢ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨᠨᠦᠭᠦᠳ᠂ ᠪᠠᠶ᠋ᠢᠭᠤᠯᠭ᠎ᠠ ᠵᠢᠨ ᠰᠠᠯᠠᠭ᠎ᠠ ᠲᠠᠰᠤᠭ ᠵᠢᠴᠢ ᠬᠣᠶᠠᠳᠤᠭ᠋ᠠᠷ ᠱᠠᠲᠤᠨ᠎ᠤ ᠨᠢᠭᠡᠴᠡ ᠵᠢᠨ ᠬᠣᠯᠪᠣᠭᠳᠠᠯ ᠪᠦᠬᠦᠢ ᠬᠥᠮᠦᠰ ᠬᠤᠷᠠᠯ᠎ᠳᠤ ᠣᠷᠣᠯᠴᠠᠪᠠ᠃
ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠴᠸᠨ ᠹᠸᠩ ᠨᠥᠬᠥᠷ ᠬᠤᠷᠠᠯ ᠡᠷᠭᠢᠯᠡᠵᠦ᠂ 2018 ᠣᠨ᠎ᠤ ᠪᠦᠬᠦ ᠬᠣᠲᠠ ᠵᠢᠨ ᠤᠢ ᠰᠢᠭᠤᠶ ᠵᠢᠨ ᠰᠢᠰᠲᠸᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠭᠤᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃
ᠲᠤᠪᠴᠢᠶᠠᠨ᠎ᠳᠤ ᠲᠤᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ ᠸᠠᠩ ᠸᠸᠢ ᠨᠥᠬᠥᠷ᠂ ᠨᠠᠮ᠎ᠢ ᠴᠢᠩᠭ᠎ᠠ ᠵᠠᠰᠠᠬᠤ ᠤᠳᠤᠬᠠᠨ᠎ᠤ ᠬᠡᠯᠪᠡᠷᠢ ᠪᠠ ᠠᠵᠢᠯ᠎ᠤᠨ ᠡᠭᠦᠷᠭᠡ ᠵᠢᠴᠢ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠠᠳᠬᠤᠬᠤ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ 《ᠬᠣᠶᠠᠷ ᠬᠠᠷᠢᠭᠤᠴᠠᠯᠭ᠎ᠠ》 ᠵᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠠᠳᠬᠤᠬᠤ ᠠᠵᠢᠯ᠎ᠤᠨ ᠴᠢᠬᠤᠯᠠ ᠴᠢᠨᠠᠷ᠎ᠢ ᠲᠣᠳᠣᠷᠬᠠᠶ᠋ᠢᠯᠠᠨ ᠦᠬᠦᠯᠡᠭᠰᠡᠨ ᠪᠦᠭᠡᠳ 《ᠪᠠᠶ᠋ᠢᠳᠠᠯ ᠪᠠ ᠡᠭᠦᠷᠭᠡ ᠵᠢ ᠲᠤᠳᠤᠷᠬᠠᠢ᠌ᠯᠠᠵᠦ᠂ ᠠᠵᠢᠯ᠎ᠤᠨ ᠭᠣᠣᠯᠳᠠᠯᠭ᠎ᠠ ᠵᠢ ᠠᠳᠬᠤᠵᠦ᠂ ᠪᠥᠬᠥ ᠬᠣᠲᠠ ᠵᠢᠨ ᠤᠢ ᠰᠢᠭᠤᠶ ᠵᠢᠨ ᠰᠢᠰᠲᠸᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠡᠷᠡᠭᠦᠯ ᠵᠶ᠋ᠠᠷ ᠬᠥᠭᠵᠢᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠶ᠎ᠠ》 ᠬᠡᠬᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠨᠠᠮ᠎ᠤᠨ ᠬᠢᠴᠢᠶᠡᠯ ᠬᠥᠮᠦᠵᠢᠯ᠎ᠢ ᠬᠢᠪᠠ᠃ ᠸᠠᠩ ᠸᠸᠢ ᠨᠦᠬᠦᠷ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠳᠤ ᠳᠥᠷᠪᠡᠨ ᠱᠠᠭ᠋ᠠᠷᠳᠠᠯᠭ᠎ᠠ ᠳᠤᠷᠠᠳᠴᠠᠶ᠄ ᠨᠢᠭᠡ᠂ ᠣᠳᠣᠬᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ ᠪᠠᠶ᠋ᠢᠳᠠᠯ ᠪᠠ ᠡᠭᠦᠷᠭᠡ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠰᠢᠵᠦ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠲᠥᠪ ᠬᠣᠷᠢᠶᠠᠨ᠎ᠤ ᠰᠢᠢᠳᠪᠦᠷᠢᠲᠦ ᠪᠤᠳᠤᠯᠭ᠎ᠠ ᠪᠠ ᠪᠠᠶ᠋ᠢᠷᠢᠯᠠᠭᠤᠯᠤᠯᠲᠠ᠎ᠲᠠᠢ ᠨᠢᠭᠡᠳᠬᠡᠵᠦ᠂ ᠲᠠᠨᠢᠯᠲᠠ᠎ᠪᠠᠨ ᠤᠯᠠᠮ ᠬᠦᠨᠵᠡᠭᠡᠢ᠌ᠷᠡᠬᠦᠯᠦᠨᠡ; ᠬᠣᠶᠠᠷ᠂ 《ᠬᠣᠶᠠᠷ ᠬᠠᠷᠢᠭᠤᠴᠠᠯᠭ᠎ᠠ》 ᠵᠢ ᠨᠠᠶ᠋ᠢᠳᠠᠪᠤᠷᠢᠵᠢᠭᠤᠯᠬᠤ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ ᠬᠥᠭᠵᠢᠭᠦᠯᠬᠦ ᠵᠢ ᠠᠬᠢᠭᠤᠯᠵᠦ᠂ ᠠᠵᠢᠯ ᠵᠶ᠋ᠠᠨ ᠨᠡᠩ ᠪᠤᠳᠠᠢ᠌ᠵᠢᠭᠤᠯᠤᠨᠠ; ᠭᠤᠷᠪᠠ᠂ 《ᠳᠠᠯᠢᠮᠳᠠᠭᠤᠯᠤᠨ ᠱᠠᠮᠰᠢᠬᠤ》 ᠬᠡᠯᠪᠡᠷᠢ ᠵᠢᠨ ᠢᠯᠵᠠᠷᠠᠯ᠎ᠤᠨ ᠠᠰᠠᠭᠤᠳᠠᠯ᠎ᠢ ᠲᠤᠰᠬᠠᠶ ᠵᠠᠰᠠᠬᠤ ᠠᠵᠢᠯ᠎ᠨᠢ ᠶᠠᠳᠠᠭᠤ ᠵᠢ ᠲᠡᠳᠬᠦᠬᠦ ᠬᠦᠷᠢᠶᠡᠨ᠎ᠤ ᠢᠯᠵᠠᠷᠠᠮᠠᠯ ᠦᠵᠡᠭᠳᠡᠯ ᠪᠠ ᠰᠤᠷᠲᠠᠯ᠎ᠤᠨ ᠠᠰᠠᠭᠤᠳᠠᠯ᠎ᠤᠨ ᠲᠤᠰᠬᠠᠢ ᠵᠦᠢ᠍ᠯ᠂ 《ᠪᠤᠷᠤᠩᠬᠤᠶ ᠵᠢ ᠰᠢᠭᠦᠷᠳᠡᠨ ᠬᠠᠷᠭᠢᠰ᠎ᠢ ᠴᠡᠪᠡᠷᠯᠡᠬᠦ》 ᠲᠤᠰᠬᠠᠶ ᠴᠡᠭᠴᠡᠯᠡᠨ ᠵᠠᠰᠠᠬᠤ ᠲᠡᠮᠡᠴᠡᠯ ᠵᠡᠷᠭᠡ ᠵᠢᠷᠭᠤᠭ᠋ᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠰᠠᠢ᠌ᠳᠤᠷ ᠠᠳᠬᠤᠵᠦ᠂ ᠣᠯᠠᠨ ᠲᠦᠮᠡᠨ᠎ᠤ ᠲᠤᠭᠤᠷᠢᠨ᠎ᠳᠠᠬᠢ ᠢᠯᠵᠠᠷᠠᠯ᠎ᠤᠨ ᠠᠰᠠᠭᠤᠳᠠᠯ᠎ᠢ ᠪᠠᠶ᠋ᠢᠴᠠᠭ᠋ᠠᠨ ᠰᠢᠢᠳᠪᠦᠷᠢᠯᠡᠵᠦ᠂ ᠠᠩᠬᠠᠷᠤᠯ ᠵᠶ᠋ᠠᠨ ᠨᠡᠩ ᠨᠠᠷᠢᠯᠢᠭ ᠤᠨᠤᠪᠴᠢᠳᠠᠢ ᠪᠠᠶ᠋ᠢᠯᠭ᠋ᠠᠬᠤ ᠬᠡᠷᠡᠭᠲᠡᠶ; ᠳᠦᠷᠪᠡ᠎ᠳᠤ᠂ ᠦᠨᠡᠨᠬᠦ ᠠᠳᠬᠤᠨ ᠨᠠᠶ᠋ᠢᠳᠠᠪᠤᠷᠢᠵᠢᠭᠤᠯᠵᠤ᠂ ᠤᠢ ᠰᠢᠭᠤᠶ ᠵᠢᠨ ᠰᠢᠰᠲᠸᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠢ ᠪᠦᠬᠦ ᠬᠣᠲᠠ ᠵᠢᠨ ᠲᠡᠷᠢᠭᠦᠨ᠎ᠤ ᠡᠩᠨᠡᠭᠡᠨ᠎ᠳᠤ ᠪᠠᠢ᠌ᠯᠭ᠋ᠠᠬᠤ᠎ᠪᠠᠷ ᠴᠢᠷᠮᠠᠢ᠌ᠨ᠎ᠠ᠃
ᠴᠸᠨ ᠹᠸᠩ ᠨᠥᠬᠥᠷ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ᠂ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢᠦ ᡁᠢ ᠶᠦᠩ ᠨᠥᠬᠥᠷ᠎ᠤᠨ ᠨᠠᠢ᠌ᠳᠠᠯᠭ᠎ᠠ᠎ᠪᠠᠷ ᠲᠤᠪᠴᠢᠶᠠᠨ ᠰᠢᠰᠲ᠋ᠧᠮ᠎ᠤᠨ ᠪᠦᠬᠦ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ᠂ ᠨᠠᠮ᠎ᠢ ᠴᠢᠩᠭ᠎ᠠ ᠵᠠᠰᠠᠬᠤ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠠᠳᠬᠤᠬᠤ ᠵᠡᠷᠭᠡ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠪᠠ᠃ ᠬᠤᠷᠠᠯ᠎ᠤᠨ ᠲᠠᠷᠠᠭ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠢᠭᠡᠳ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ᠎ᠤᠨ ᠪᠦᠷᠢᠯᠳᠦᠬᠦᠨᠨᠦᠭᠦᠳ᠂ ᠡᠯ᠎ᠡ ᠬᠣᠶᠠᠳᠤᠭ᠋ᠠᠷ ᠱᠠᠲᠤᠨ᠎ᠤ ᠨᠢᠭᠡᠴᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠳᠠᠨ ᠨᠠᠷ 《ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ》᠎ᠲᠤ ᠭᠠᠷ ᠦᠰᠦᠭ ᠵᠢᠷᠤᠪᠠ᠃
ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ 2018 ᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠭᠣᠣᠯᠳᠠᠯᠭ᠎ᠠ᠎ᠲᠠᠢ ᠠᠵᠢᠯ᠎ᠢ ᠳᠥᠯᠭᠢᠨ ᠠᠬᠢᠭᠤᠯᠬᠤ ᠬᠤᠷᠠᠯ᠎ᠨᠢ ᠣᠳᠣᠬᠠᠨ᠎ᠤ ᠨᠠᠮ᠎ᠢ ᠬᠠᠮᠢᠶᠠᠷᠬᠤ ᠨᠠᠮ᠎ᠢ ᠵᠠᠰᠠᠬᠤ ᠪᠠᠶ᠋ᠢᠳᠠᠯ ᠪᠠ ᠡᠭᠦᠷᠭᠡ᠎ᠳᠤ ᠲᠦᠪᠯᠡᠷᠡᠵᠦ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠭᠣᠣᠯᠳᠠᠯᠭ᠎ᠠ᠎ᠲᠠᠢ ᠠᠵᠢᠯ᠎ᠢ ᠣᠨᠣᠪᠴᠢᠲᠠᠶ ᠡᠵᠡᠮᠰᠢᠵᠦ᠂ 《ᠬᠣᠶᠠᠷ ᠬᠠᠷᠢᠭᠤᠴᠠᠯᠭ᠎ᠠ》 ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠭᠣᠣᠯᠳᠠᠯᠭ᠎ᠠ᠎ᠲᠠᠢ ᠠᠵᠢᠯ᠎ᠤᠨ ᠨᠠᠢ᠌ᠳᠠᠪᠤᠷᠢᠵᠢᠭᠤᠯᠤᠯᠳᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ (ᠵᠠᠩ ᠵᠢᠶᠠ ᠡᠦ ᠱᠤ᠌ ᠫᠢᠩ)