ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 10 ᠰᠠᠷ᠎ᠠ ᠵᠢᠨ 26᠎ᠤ ᠡᠳᠦᠷ᠎ᠤᠨ ᠮᠡᠳᠡᠭᠡ
ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠤᠯᠠᠨ ᠲᠦᠮᠡᠨ᠎ᠤ ᠪᠠᠶ᠋ᠢᠳᠠᠯ᠎ᠢ ᠮᠡᠳᠡᠬᠦ ᠡᠷᠬᠡ ᠵᠢ ᠭᠦᠢ᠍ᠴᠡᠳ ᠨᠠᠶ᠋ᠢᠳᠠᠪᠤᠷᠢᠵᠢᠭᠤᠯᠵᠤ᠂ ᠲᠡᠳᠡᠨ᠎ᠤ ᠦᠨᠳᠦᠰᠦᠨ ᠠᠰᠢᠭ ᠲᠤᠰᠠ ᠵᠢ ᠰᠠᠶ᠋ᠢᠲᠤᠷ ᠬᠠᠮᠠᠭ᠋ᠠᠯᠠᠬᠤ ᠵᠢᠨ ᠲᠦᠯᠦᠭᠡ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠠᠬᠢᠭᠤᠯᠵᠤ᠂ ᠴᠠᠢ ᠾᠧ ᠣᠶ ᠰᠢᠭᠤᠶ ᠵᠢᠨ ᠲᠣᠪᠴᠢᠶᠠᠨ᠎ᠳᠠᠬᠢ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠣᠷᠢᠶᠠᠨ᠎ᠤ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠢ ᠴᠢᠩᠭ᠋ᠠᠳᠬᠠᠵᠤ᠂ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠤᠨ ᠵᠢᠷᠤᠮᠵᠢᠭᠰᠠᠨ ᠦᠢ᠍ᠯᠡ ᠠᠵᠢᠯᠯᠠᠭ᠎ᠠ ᠵᠢ ᠪᠣᠳᠠᠲᠠᠶ᠎ᠪᠠᠷ ᠨᠠᠶ᠋ᠢᠳᠠᠪᠤᠷᠢᠵᠢᠭᠤᠯᠬᠤ ᠵᠢ ᠪᠠᠲᠤᠯᠠᠪᠠ᠃
ᠨᠢᠭᠡ᠎ᠳᠤ᠂ ᠢᠯᠡ ᠪᠣᠯᠭ᠋ᠠᠬᠤ ᠠᠭᠤᠯᠭ᠎ᠠ ᠵᠢ ᠨᠠᠷᠢᠯᠢᠭᠵᠢᠭᠤᠯᠤᠨ᠎ᠠ᠃ 《ᠭᠤᠷᠪᠠᠨ ᠶᠠᠪᠤᠳᠠᠯ》᠎ᠢ ᠢᠯᠡ ᠪᠣᠯᠭ᠋ᠠᠬᠤ᠎ᠳᠤ ᠠᠵᠢᠯᠲᠠᠨ ᠠᠵᠢᠯᠴᠢᠨ ᠤᠯᠠᠨ ᠲᠦᠮᠡᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠬᠠᠯᠠᠮᠰᠢᠯ ᠴᠡᠭ᠎ᠤᠨ ᠠᠰᠠᠭᠤᠳᠠᠯ ᠪᠠ ᠲᠡᠳᠡᠨ᠎ᠤ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠰᠢᠢᠳᠪᠦᠷᠢᠯᠡᠬᠦ᠎ᠠᠴᠠ ᠭᠠᠷᠳᠠᠵᠤ᠂ ᠢᠯᠠ ᠪᠣᠯᠭ᠋ᠠᠵᠤ ᠪᠣᠯᠬᠤ ᠵᠢ ᠴᠥᠮ᠎ᠢ ᠪᠦᠬᠦ ᠲᠠᠯ᠎ᠠ᠎ᠪᠠᠷ ᠲᠤᠶ᠋ᠢᠯᠪᠤᠷᠢᠲᠠᠶ ᠢᠯᠡ ᠪᠣᠯᠭ᠋ᠠᠨ᠎ᠠ᠃ ᠢᠯᠡ ᠪᠣᠯᠭ᠋ᠠᠬᠤ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠶ ᠪᠣᠯᠭ᠋ᠠᠵᠤ᠂ ᠲᠡᠭᠦᠨ᠎ᠢ 3 ᠶᠡᠬᠡ ᠲᠦᠰᠦᠪ᠂ 38 ᠪᠠᠭ᠎ᠠ ᠲᠦᠰᠦᠪ ᠪᠤᠯᠭ᠋ᠠᠨ ᠨᠠᠷᠢᠨ ᠬᠤᠪᠢᠶᠠᠪᠠ᠃ 3 ᠵᠦᠢ᠍ᠯ᠎ᠤᠨ ᠨᠡᠶ᠋ᠢᠲᠡᠯᠡᠬᠦ ᠴᠠᠭ᠎ᠢ ᠲᠣᠳᠣᠷᠬᠠᠶ ᠲᠤᠭᠲᠠᠭ᠋ᠠᠵᠣ᠂ ᠲᠤᠬᠠᠶ᠋ᠢᠯᠠᠪᠠᠯ ᠲᠣᠭᠲᠠᠮᠠᠯ ᠢᠯᠡ ᠪᠣᠯᠭ᠋ᠠᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠢᠯᠡ ᠪᠣᠯᠭ᠋ᠠᠬᠤ᠂ ᠴᠠᠭ ᠲᠤᠬᠠᠶ᠎ᠳᠤᠨᠢ ᠢᠯᠡ ᠪᠣᠯᠭ᠋ᠠᠬᠤ ᠵᠡᠷᠭᠡ ᠪᠣᠯᠤᠨ᠎ᠠ᠃ 5 ᠵᠦᠢ᠍ᠯ᠎ᠤᠨ ᠢᠯᠡ ᠪᠣᠯᠭ᠋ᠠᠬᠤ ᠰᠢᠢᠳᠪᠦᠷᠢᠯᠡᠬᠦ ᠬᠡᠯᠪᠡᠷᠢ ᠵᠢ ᠲᠣᠳᠣᠷᠬᠠᠶ ᠲᠤᠭᠲᠠᠭ᠋ᠠᠵᠣ᠂ ᠲᠤᠬᠠᠶ᠋ᠢᠯᠠᠪᠠᠯ ᠲᠣᠭᠲᠠᠮᠠᠯ ᠢᠯᠡ ᠪᠣᠯᠭ᠋ᠠᠬᠤ ᠪᠤᠯᠤᠩ᠎ᠢ ᠢᠯᠡ ᠪᠤᠯᠭ᠋ᠠᠬᠤ᠂ ᠤᠬᠠᠭᠤᠯᠭ᠎ᠠ ᠵᠢᠨ ᠪᠤᠯᠤᠩ᠎ᠢ ᠢᠯᠡ ᠪᠣᠯᠭ᠋ᠠᠬᠤ᠂ ᠨᠠᠮ᠎ᠤᠨ ᠭᠡᠰᠢᠭᠦᠨ ᠪᠠ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠤᠨ ᠬᠤᠷᠠᠯ᠎ᠢ ᠢᠯᠡ ᠪᠣᠯᠭ᠋ᠠᠬᠤ᠂ ᠰᠦᠯᠵᠢᠶᠡᠨ ᠳᠡᠭᠡᠷ᠎ᠡ ᠢᠯᠡ ᠪᠣᠯᠭ᠋ᠠᠬᠤ ᠵᠡᠷᠭᠡ ᠠᠷᠭ᠎ᠠ ᠮᠠᠶᠢᠭ᠎ᠢ ᠲᠣᠳᠣᠷᠬᠠᠶ ᠲᠤᠭᠲᠠᠭ᠋ᠠᠵᠣ᠂ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠬᠠᠮᠤᠷᠤᠯᠲᠠ ᠵᠢᠨ ᠬᠡᠪᠴᠢᠶ᠎ᠡ ᠵᠢ ᠲᠠᠰᠤᠷᠠᠯᠳᠠ ᠦᠭᠡᠢ ᠥᠷᠭᠡᠳᠬᠡᠪᠠ᠃ ᠢᠯᠡ ᠪᠣᠯᠭ᠋ᠠᠬᠤ ᠬᠣᠯᠪᠣᠭᠳᠠᠯ ᠪᠦᠬᠦᠢ ᠵᠢᠷᠤᠮ ᠪᠠ ᠱᠠᠭ᠋ᠠᠷᠳᠠᠯᠭ᠎ᠠ ᠵᠢ ᠲᠣᠳᠣᠷᠬᠠᠶ ᠲᠤᠭᠲᠠᠭ᠋ᠠᠪᠠ᠃
ᠬᠣᠶᠠᠷ᠎ᠲᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠵᠢᠨ ᠲᠥᠯᠥᠭᠡ᠂ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠤᠰ ᠨᠢᠭᠡᠴᠡ ᠵᠢᠨ ᠵᠶ᠋ᠠᠨ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃ ᠡᠭᠦᠨ᠎ᠤ ᠬᠠᠮᠲᠤ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠤᠨ ᠴᠢᠬᠤᠯᠠ ᠴᠢᠨᠠᠷ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠦᠢ᠍ᠴᠡᠳ ᠲᠠᠨᠢᠵᠤ᠂ ᠡᠨᠡ ᠬᠦ᠌ ᠠᠵᠢᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡᠨ ᠴᠢᠬᠤᠯᠠ ᠠᠵᠢᠯ ᠪᠣᠯᠭ᠋ᠠᠨ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠎ᠠ᠃
ᠭᠤᠷᠪᠠ᠎ᠳᠤ᠂ ᠱᠠᠯᠠᠪᠳᠠᠭᠤᠯᠤᠨ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠤᠨ᠎ᠠ᠃ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠵᠢᠨ ᠲᠥᠯᠥᠭᠡ᠂ ᠲᠤᠰᠬᠠᠶ ᠬᠦᠴᠦᠨ᠎ᠢ ᠵᠣᠬᠢᠶᠠᠨ ᠪᠠᠶ᠋ᠢᠭᠤᠯᠵᠤ᠂ 《ᠭᠤᠷᠪᠠᠨ ᠶᠠᠪᠤᠳᠠᠯ》᠎ᠢ ᠴᠠᠭ ᠲᠤᠬᠠᠢᠳᠤᠨᠢ ᠨᠡᠢ᠌ᠲᠡᠯᠡᠬᠦ ᠦᠭᠡᠶ᠂ ᠪᠦᠬᠦ ᠲᠠᠯ᠎ᠠ᠎ᠪᠠᠷ ᠨᠡᠢ᠌ᠲᠡᠯᠡᠬᠦ ᠦᠭᠡᠢ᠂ ᠬᠤᠯᠤ ᠳᠠᠷᠢᠵᠤ ᠬᠤᠳᠠᠯ ᠬᠡᠯᠡᠬᠦ᠂ ᠠᠵᠢᠯᠲᠠᠨ ᠠᠵᠢᠯᠴᠢᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠵᠡᠷᠭᠡ ᠲᠠᠯ᠎ᠠ ᠵᠢ ᠬᠢᠨᠠᠨ ᠪᠠᠶ᠋ᠢᠴᠠᠭ᠋ᠵᠦ᠂ ᠠᠰᠠᠭᠤᠳᠠᠯ᠎ᠢ ᠴᠠᠭ ᠲᠤᠬᠠᠶ᠎ᠳᠤᠨᠢ ᠣᠯᠵᠤ ᠮᠡᠳᠡᠭᠰᠡᠨ ᠪᠠᠢ᠌ᠪᠠᠯ ᠴᠡᠭᠴᠡᠯᠡᠨ ᠵᠠᠰᠠᠵᠦ᠂ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠪᠥᠭᠡᠳ ᠵᠢᠯ᠎ᠤᠨ ᠡᠴᠦᠰ᠎ᠲᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠣᠯᠣᠨ᠎ᠠ᠃
ᠲᠦᠷᠪᠡ᠎ᠳᠤ᠂ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃ 《ᠭᠤᠷᠪᠠᠨ ᠶᠠᠪᠤᠳᠠᠯ》᠎ᠢ ᠢᠯᠡ ᠪᠤᠯᠭ᠋ᠠᠬᠣ ᠮᠠᠲ᠋ᠧᠷᠢᠶᠠᠯ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠤᠰᠬᠠᠢ ᠬᠥᠮᠦᠨ ᠬᠠᠷᠢᠭᠤᠴᠠᠵᠤ᠂ ᠢᠯᠡ ᠪᠣᠯᠭ᠋ᠠᠬᠤ ᠠᠭᠤᠯᠭ᠎ᠠ ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ ᠴᠠᠭ ᠲᠤᠬᠠᠶ᠎ᠳᠤᠨᠢ ᠳᠠᠩᠰᠠ ᠡᠪᠬᠡᠮᠡᠯ᠎ᠳᠤ ᠣᠷᠣᠭᠤᠯᠵᠤ ᠲᠣᠬᠢᠲᠠᠶ ᠬᠠᠳᠠᠭ᠋ᠠᠯᠠᠨ᠎ᠠ᠃ ᠢᠯᠡ ᠪᠣᠯᠭ᠋ᠠᠭᠰᠠᠨ ᠠᠭᠤᠯᠭ᠎ᠠ ᠵᠢ ᠵᠠᠷᠯᠠᠨ ᠨᠡᠶ᠋ᠢᠲᠡᠯᠡᠬᠦ ᠪᠤᠯᠤᠩ᠎ᠳᠤ ᠵᠠᠷ ᠨᠠᠭ᠋ᠠᠵᠣ᠂ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠦᠯᠡᠳᠡᠭᠡᠨ ᠬᠠᠳᠠᠭ᠋ᠠᠯᠠᠵᠣ᠂ ᠡᠯᠧᠺᠲᠷᠣᠨ ᠬᠡᠪᠯᠡᠯ᠎ᠤᠨ ᠲᠣᠭ᠎ᠠ ᠪᠠᠷᠢᠮᠲᠠ ᠵᠢ ᠬᠠᠳᠠᠭ᠋ᠠᠯᠠᠬᠤ᠂ ᠴᠠᠭ᠋ᠠᠰᠤᠨ᠎ᠪᠠᠷ ᠬᠡᠪᠯᠡᠭᠰᠡᠨ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠵᠤ᠂ ᠡᠷᠢᠵᠦ ᠦᠵᠡᠬᠦ᠎ᠳᠤ ᠪᠡᠯᠡᠬᠡᠨ ᠪᠠᠶ᠋ᠢᠯᠭ᠋ᠠᠨ᠎ᠠ᠃