ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 10 ᠰᠠᠷ᠎ᠠ ᠵᠢᠨ 29᠎ᠤ ᠡᠳᠦᠷ᠎ᠤᠨ ᠮᠡᠳᠡᠭᠡ
ᠣᠶ᠋ᠢᠷ᠎ᠠ᠎ᠳᠤ᠂ ᠡᠵᠡᠨ᠎ᠡ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ᠎ᠠᠴᠠ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠬᠤ ᠵᠢᠨ ᠲᠦᠯᠦᠭᠡ᠂ 18 ᠲᠦᠮᠡᠨ ᠲᠥᠭᠥᠷᠢᠭ᠎ᠤᠨ ᠪᠡᠯᠡ ᠮᠦᠩᠭᠦ ᠣᠷᠣᠭᠤᠯᠵᠦ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠰᠢᠭᠤᠢ᠌ᠲᠤ ᠣᠷᠣᠨ᠎ᠤ ᠣᠷᠣᠵᠤ ᠭᠠᠷᠬᠤ ᠭᠠᠵᠠᠷ᠎ᠤᠨ ᠭᠣᠣᠯ ᠪᠣᠯᠬᠤ ᠵᠠᠰᠠᠮᠠᠯ ᠵᠠᠮ ᠪᠠ ᠭᠣᠤᠯᠳᠠᠯᠭ᠎ᠠ᠎ᠲᠠᠢ ᠬᠡᠰᠡᠭ᠎ᠲᠤ ᠨᠢᠭᠡ ᠪᠦᠯᠦᠭ ᠡᠭᠦᠷᠢᠳᠡ ᠵᠢᠨ ᠴᠢᠨᠠᠷᠲᠠᠶ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠭᠠᠯ ᠪᠠᠮᠪᠠᠷ ᠬᠡᠯᠪᠡᠷᠢᠲᠦ ᠤᠬᠠᠭᠤᠯᠭ᠎ᠠ ᠵᠢᠨ ᠫᠠᠶ᠋ᠢᠰᠠ ᠵᠢ ᠤᠭᠰᠠᠷᠠᠡ ᠲᠤᠬᠢᠷᠠᠭᠤᠯᠪᠠ᠃ ᠡᠨᠡ ᠣᠳᠠᠭ᠎ᠠ ᠨᠡᠶ᠋ᠢᠲᠡ 30 ᠬᠡᠰᠡᠭ ᠭᠠᠯ ᠪᠠᠮᠪᠠᠷ ᠬᠡᠯᠪᠡᠷᠢᠲᠦ ᠤᠬᠠᠭᠤᠯᠭ᠎ᠠ ᠵᠢᠨ ᠫᠠᠶ᠋ᠢᠰᠠ ᠵᠢ ᠡᠵᠡᠨ᠎ᠡ ᠬᠣᠰᠢᠭᠤᠨ᠎ᠳᠠᠬᠢ ᠳᠠᠯᠠᠢ᠌ᠢ᠍ᠭᠦ᠋ᠪ ᠪᠠᠯᠭ᠋ᠠᠰᠤ᠂ ᠰᠠᠶ᠋ᠢᠬᠠᠨ ᠲᠣᠣᠷᠠᠶ ᠰᠤᠮᠤ᠂ ᠰᠤᠪᠠᠨᠠᠭᠤᠷ ᠰᠤᠮᠤ ᠵᠡᠷᠭᠡ ᠭᠤᠷᠪᠠᠨ ᠰᠤᠮᠤ ᠪᠠᠯᠭ᠋ᠠᠰᠣᠨᠳᠤ ᠤᠭᠰᠠᠷᠠᠵᠤ ᠲᠤᠬᠢᠷᠠᠭᠤᠯᠤᠭᠰᠠᠨ ᠪᠠᠢ᠌ᠨ᠎ᠠ᠃ ᠬᠡᠪᠯᠡᠯ᠎ᠤᠨ ᠨᠢᠭᠤᠷ᠎ᠤᠨ ᠤᠬᠠᠭᠤᠯᠭ᠎ᠠ ᠵᠢᠨ ᠠᠭᠤᠯᠭ᠎ᠠ᠎ᠨᠢ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ᠂ ᠣᠢ ᠰᠢᠭᠤᠶ ᠵᠢᠨ ᠭᠠᠯ᠎ᠤᠨ ᠰᠡᠷᠭᠡᠶ᠋ᠢᠯᠡᠯᠲᠡ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠡᠷᠭᠡ᠎ᠲᠠᠢ ᠬᠤᠯᠪᠤᠭᠳᠠᠪᠠ᠃
9 ᠰᠠᠷ᠎ᠠ ᠵᠢᠨ ᠳᠤᠮᠳᠠᠴᠢ᠎ᠠᠴᠠ ᠨᠠᠰᠢ᠂ ᠪᠠᠷᠢᠯᠭ᠎ᠠ ᠪᠠᠷᠢᠬᠤ ᠨᠢᠭᠡᠴᠡ᠎ᠠᠴᠠ ᠴᠠᠭ ᠪᠠᠴᠢᠮ᠂ ᠤᠭᠰᠠᠷᠠᠬᠤ ᠬᠦᠷᠢᠶ᠎ᠡ ᠬᠡᠪᠴᠢᠶ᠎ᠡ᠎ᠨᠢ ᠥᠷᠭᠡᠨ᠂ ᠲᠦᠭᠦᠬᠡᠶ ᠡᠳ᠋ ᠮᠠᠲ᠋ᠧᠷᠢᠶᠠᠯ᠎ᠤᠨ ᠪᠠᠷᠠᠭ᠎ᠠ ᠵᠢ ᠣᠷᠣᠭᠤᠯᠬᠤ᠎ᠳᠤ ᠵᠠᠮ ᠬᠤᠯᠠ ᠵᠡᠷᠭᠡ ᠪᠣᠳᠠᠲᠠᠶ ᠬᠦᠴᠢᠷᠳᠡᠯ᠎ᠢ ᠲᠡᠪᠴᠢᠵᠦ᠂ ᠭᠠᠯ ᠪᠠᠮᠪᠠᠷ ᠬᠡᠯᠪᠡᠷᠢᠲᠦ ᠤᠬᠠᠭᠤᠯᠭ᠎ᠠ ᠵᠢᠨ ᠪᠧᠲ᠋ᠤᠨ ᠰᠠᠭᠤᠷᠢ ᠵᠢ ᠤᠷᠢᠳᠴᠢᠯᠠᠨ ᠦᠢᠯᠡᠳᠬᠦ᠂ ᠪᠤᠯᠤᠳ ᠲᠣᠣᠷ᠎ᠤᠨ ᠵᠢᠶᠠᠰᠠ ᠵᠢ ᠬᠠᠨᠠᠵᠣ ᠵᠠᠯᠭ᠋ᠠᠬᠤ ᠪᠠ ᠰᠢᠷ ᠰᠢᠷᠳᠡᠬᠦ᠂ ᠪᠦᠷᠬᠦᠪᠴᠢ ᠵᠢᠨ ᠪᠦᠲᠦᠴᠡ᠎ᠲᠠᠢ ᠦᠢ᠍ᠯᠡᠳᠬᠦ ᠵᠡᠷᠭᠡ ᠵᠢ ᠤᠷᠢᠳ ᠬᠣᠵᠢᠳ ᠪᠡᠶᠡᠯᠡᠭᠦᠯᠵᠦ᠂ 11 ᠰᠠᠷ᠎ᠠ ᠵᠢᠨ ᠳᠤᠮᠳᠠᠴᠢ᠎ᠪᠠᠷ ᠪᠦᠬᠦᠨ᠎ᠢ ᠣᠭᠰᠠᠷᠠᠵᠣ ᠲᠤᠬᠢᠷᠠᠭᠤᠯᠬᠤ᠎ᠪᠠᠷ ᠲᠥᠯᠥᠪᠯᠡᠵᠦ ᠪᠤᠢ᠃
ᠡᠨᠡ ᠪᠦᠯᠦᠭ ᠭᠠᠯ ᠪᠠᠮᠪᠠᠷ ᠬᠡᠯᠪᠡᠷᠢᠲᠦ ᠤᠬᠠᠭᠤᠯᠭ᠎ᠠ ᠵᠢᠨ ᠫᠠᠶ᠋ᠢᠰᠠ ᠵᠢ ᠲᠤᠬᠢᠷᠠᠭᠤᠯᠤᠨ ᠤᠭᠰᠠᠷᠠᠬᠤ᠎ᠪᠠᠷ ᠳᠠᠮᠵᠢᠭᠤᠯᠤᠨ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ᠎ᠠᠴᠠ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠪᠥᠳᠥᠭᠡᠨ ᠪᠠᠶ᠋ᠢᠭᠤᠯᠤᠯᠲᠠ᠂ ᠬᠠᠮᠠᠭ᠋ᠠᠯᠠᠯᠲᠠ᠂ ᠭᠠᠯ᠎ᠤᠨ ᠰᠡᠷᠭᠡᠶ᠋ᠢᠯᠡᠯᠲᠠ ᠵᠢᠨ ᠠᠵᠢᠯ᠎ᠢ ᠠᠩᠬᠠᠷᠴᠤ᠂ ᠳᠡᠮᠵᠢᠡ᠂ ᠣᠷᠣᠯᠴᠠᠬᠤ ᠬᠡᠷᠡᠭᠲᠡᠢ ᠭᠡᠵᠡᠢ᠃