ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 10 ᠰᠠᠷ᠎ᠠ ᠵᠢᠨ 25᠎ᠤ ᠡᠳᠦᠷ ᠮᠡᠳᠡᠭᠡ
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠰᠢᠷ᠎ᠠ ᠦᠨᠳᠦᠷ ᠬᠠᠮᠠᠭ᠋ᠠᠯᠠᠯᠲᠠ ᠵᠢᠨ ᠣᠷᠣᠨ᠎ᠨᠢ ᠶᠡᠷᠦᠩᠬᠡᠶ ᠲᠥᠯᠥᠪᠵᠢᠭᠦᠯᠭᠡ ᠵᠢᠨ ᠱᠠᠭ᠋ᠠᠷᠳᠠᠯᠭ᠎ᠠ ᠶᠤᠰᠣᠭ᠋ᠠᠷ᠂ 90 ᠡᠳᠦᠷ᠎ᠤᠨ ᠰᠢᠷᠭ᠋ᠠᠭᠤ ᠠᠵᠢᠯᠯᠠᠬᠤ᠎ᠪᠠᠷ ᠳᠠᠮᠵᠢᠨ᠂ ᠬᠢᠯᠢ ᠵᠢᠨ ᠱᠤᠡᠭ᠂ ᠬᠢᠯᠢ ᠵᠢᠨ ᠬᠥᠰᠢᠶ᠎ᠡ᠂ ᠬᠢᠯᠢ ᠵᠢᠨ ᠫᠠᠶ᠋ᠢᠰᠠ ᠤᠭᠰᠠᠷᠠᠬᠤ᠂ ᠪᠤᠯᠠᠵᠤ ᠲᠠᠯᠪᠢᠬᠤ ᠵᠢ ᠤᠷᠤᠭᠰᠢᠲᠠᠶ ᠪᠡᠶᠡᠯᠡᠭᠦᠯᠪᠠ᠃
ᠠᠵᠢᠯᠳᠠᠨ᠎ᠠᠴᠠ ᠬᠠᠮᠠᠭ᠋ᠠᠯᠠᠯᠲᠠ ᠵᠢᠨ ᠣᠷᠣᠨ᠎ᠤ ᠨᠠᠷᠢᠨ ᠪᠤᠳᠤᠯᠢᠶᠠᠨᠲᠠᠶ ᠭᠠᠵᠠᠷ᠎ᠤᠨ ᠪᠠᠶ᠋ᠢᠴᠠ᠂ ᠠᠭᠤᠯᠠ ᠥᠨᠳᠥᠷ ᠵᠠᠮ ᠬᠣᠯᠠ᠂ ᠪᠠᠷᠢᠯᠭ᠎ᠠ ᠬᠢᠬᠦ ᠬᠦᠴᠢᠷᠳᠡᠯ ᠶᠡᠬᠡ ᠪᠠᠶ᠋ᠢᠳᠠᠭ ᠵᠡᠷᠭᠡ ᠬᠦᠴᠢᠷᠳᠡᠯ᠎ᠢ ᠢᠯᠠᠵᠤ᠂ ᠨᠡᠢ᠌ᠲᠡ 238 ᠬᠢᠯᠢ ᠵᠢᠨ ᠱᠤᠡᠭ᠂ 10 ᠬᠢᠯᠢ ᠵᠢᠨ ᠬᠥᠰᠢᠶ᠎ᠡ᠂ 50 ᠲᠣᠳᠣᠷᠬᠠᠶ᠋ᠢᠯᠠᠯᠲᠠ ᠵᠢᠨ ᠫᠠᠶ᠋ᠢᠰᠠ ᠵᠢ ᠪᠤᠯᠠᠵᠤ ᠤᠭᠰᠠᠷᠠᠪᠠ᠃
ᠪᠠᠷᠢᠮᠵᠢᠶ᠎ᠠ ᠵᠢ ᠪᠠᠲᠤᠯᠠᠨ᠂ ᠵᠠᠭ᠋ᠠᠭ᠎ᠢ ᠲᠣᠭᠲᠠᠭ᠋ᠠᠬᠤ ᠠᠵᠢᠯ᠎ᠢ ᠪᠡᠶᠡᠯᠡᠭᠦᠯᠬᠦ᠎ᠪᠠᠷ ᠳᠠᠮᠵᠢᠨ᠂ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ᠎ᠢ ᠨᠡᠩ ᠲᠣᠳᠣᠷᠬᠠᠶ ᠪᠤᠯᠭ᠋ᠠᠵᠤ᠂ ᠬᠠᠮᠠᠭ᠋ᠠᠯᠠᠯᠲᠠ ᠵᠢᠨ ᠣᠷᠣᠨ᠎ᠳᠠᠬᠢ ᠬᠠᠮᠠᠭ᠋ᠠᠯᠠᠯᠲᠠ ᠵᠢᠨ ᠠᠵᠢᠯ᠎ᠢ ᠨᠡᠩ ᠰᠠᠢ᠌ᠨ ᠪᠠᠲᠤᠯᠠᠬᠣ ᠵᠢᠨ ᠲᠦᠯᠦᠭᠡ᠂ ᠡᠷᠬᠢᠨ ᠲᠣᠭᠣᠷᠢᠨ᠎ᠳᠠᠬᠢ ᠭᠠᠵᠠᠷ ᠣᠷᠣᠨ᠎ᠤ ᠮᠠᠯᠴᠢᠨ ᠲᠠᠷᠢᠶᠠᠴᠢᠳ᠎ᠤᠨ ᠬᠠᠮᠠᠭ᠋ᠠᠯᠠᠯᠲᠠ ᠵᠢᠨ ᠠᠵᠢᠯ᠎ᠤᠨ ᠲᠠᠯ᠎ᠠ᠎ᠪᠠᠷ᠎ᠬᠢ ᠣᠶ᠋ᠢᠯᠠᠭ᠋ᠠᠯᠲᠠ ᠬᠢᠭᠡᠳ ᠲᠠᠨᠢᠯᠲᠠ ᠵᠢ ᠭᠦᠨᠵᠡᠭᠡᠢ᠌ᠷᠡᠬᠦᠯᠵᠦ᠂ ᠬᠠᠮᠠᠭ᠋ᠠᠯᠠᠯᠲᠠ ᠵᠢᠨ ᠣᠷᠣᠨ᠎ᠤ ᠠᠵᠢᠯᠲᠠᠨ ᠬᠢᠭᠡᠳ ᠡᠷᠬᠢᠨ ᠲᠣᠭᠣᠷᠢᠨ᠎ᠳᠠᠬᠢ ᠭᠠᠵᠠᠷ ᠣᠷᠣᠨ᠎ᠤ ᠮᠠᠯᠴᠢᠨ ᠲᠠᠷᠢᠶᠠᠴᠢᠳ᠎ᠤᠨ ᠪᠦᠯᠬᠦᠮᠳᠡᠨ ᠨᠢᠭᠡᠳᠴᠦ ᠬᠠᠮᠲᠤ᠎ᠪᠠᠷ ᠬᠠᠮᠠᠭ᠋ᠠᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠬᠠᠮᠠᠭ᠋ᠠᠯᠠᠬᠤ ᠠᠵᠢᠯ ᠰᠢᠨ᠎ᠡ ᠳᠡᠭᠲᠡᠷ᠎ᠲᠤ ᠭᠠᠷᠬᠤ ᠵᠢᠨ ᠬᠠᠮᠲᠤ ᠪᠠᠰᠠ ᠬᠠᠮᠠᠭ᠋ᠠᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠢᠨᠠᠨ ᠬᠡᠮᠵᠢᠯᠲᠡ᠂ ᠰᠠᠭᠤᠷᠢ ᠪᠥᠳᠥᠭᠡᠨ ᠪᠠᠶ᠋ᠢᠭᠤᠯᠤᠯᠲᠠ᠂ ᠤᠢ ᠰᠢᠭᠤᠢ ᠵᠢᠨ ᠡᠵᠡᠩᠨᠡᠯᠲᠡ ᠪᠤᠯᠤᠨ ᠣᠶ᠋ᠢᠵᠢᠭᠤᠯᠤᠯᠲᠠ ᠵᠡᠷᠭᠡ ᠵᠠᠭ᠋ᠠᠭ᠎ᠢ ᠲᠤᠭᠲᠠᠭ᠋ᠠᠬᠤ ᠪᠠᠷᠢᠮᠲᠠ ᠬᠠᠩᠭ᠋ᠠᠨ ᠦᠭᠴᠦ᠂ ᠬᠠᠮᠠᠭ᠋ᠠᠯᠠᠯᠲᠠ ᠵᠢᠨ ᠣᠷᠣᠨ᠎ᠳᠠᠬᠢ ᠠᠵᠢᠯ᠎ᠤᠨ ᠨᠡᠩ ᠳᠥᠭᠥᠮ ᠪᠥᠭᠡᠳ ᠢᠯᠠᠭᠤᠮ ᠬᠥᠭᠵᠢᠯᠲᠡ᠎ᠳᠤ ᠠᠰᠢᠭᠲᠠᠶ ᠪᠠᠲᠤᠯᠠᠭ᠎ᠠ ᠵᠢ ᠬᠠᠩᠭ᠋ᠠᠭᠰᠠᠨ ᠪᠠᠶ᠋ᠢᠨ᠎ᠠ᠃