ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠤᠢ ᠰᠢᠭᠤᠢ ᠵᠢᠨ ᠨᠠᠮᠤᠷ᠎ᠤᠨ ᠤᠯᠠᠷᠢᠯ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2018-10-15

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 10 ᠰᠠᠷ᠎ᠠ ᠵᠢᠨ 12᠎ᠤ ᠡᠳᠦᠷ᠎ᠤᠨ ᠮᠡᠳᠡᠭᠡ

      ᠠᠷᠤᠨ ᠬᠣᠰᠢᠭᠤᠨ᠎ᠤ ᠤᠢ ᠰᠢᠭᠤᠶ ᠵᠢᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠪᠠ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠬᠦ ᠵᠢ ᠳᠠᠭ᠋ᠠᠯᠳᠤᠨ᠂ ᠰᠢᠭᠤᠶ᠋ᠢᠲᠤ ᠣᠷᠣᠨ᠎ᠤ ᠤᠢ ᠮᠣᠳᠣ ᠡᠪᠡᠰᠦ ᠤᠷᠭᠤᠮᠠᠯ᠎ᠤᠨ ᠬᠤᠴᠢᠯᠭ᠎ᠠ ᠵᠢ ᠦᠳᠲᠡᠷ ᠲᠦᠷᠭᠡᠨ ᠰᠡᠷᠭᠦᠭᠡᠨ ᠨᠡᠮᠡᠭᠳᠡᠭᠦᠯᠵᠦ᠂ ᠭᠠᠯ᠎ᠤᠨ ᠠᠶᠤᠯ᠎ᠤᠨ ᠲᠡᠰ ᠲᠠᠰᠤᠷᠠᠯᠳᠠ ᠦᠭᠡᠢ ᠳᠡᠭᠡᠭᠰᠢᠯᠡᠵᠦ᠂ ᠨᠠᠮᠤᠷ᠎ᠤᠨ ᠤᠯᠠᠷᠢᠯ᠎ᠤᠨ ᠤᠢ ᠰᠢᠭᠤᠶ ᠵᠢᠨ ᠭᠠᠯ᠎ᠢ ᠰᠡᠷᠭᠡᠶ᠋ᠢᠯᠡᠬᠦ ᠠᠵᠢᠯ᠎ᠤᠨ ᠪᠠᠶ᠋ᠢᠳᠠᠯ ᠨᠡᠩ ᠬᠦᠨᠳᠦ ᠬᠡᠴᠡᠭᠦᠦ ᠪᠤᠯᠪᠠ᠃ ᠨᠠᠮᠤᠷ᠎ᠤᠨ ᠤᠯᠠᠷᠢᠯ᠎ᠤᠨ ᠤᠢ ᠰᠢᠭᠤᠢ ᠵᠢᠨ ᠭᠠᠯ᠎ᠢ ᠰᠡᠷᠭᠡᠶ᠋ᠢᠯᠡᠬᠦ ᠠᠵᠢᠯ᠎ᠢ ᠦᠨᠡᠨᠬᠦ ᠰᠠᠶ᠋ᠢᠲᠤᠷ ᠬᠢᠬᠦ ᠵᠢᠨ ᠲᠦᠯᠦᠭᠡ᠂ ᠤᠯᠠᠨ ᠲᠦᠮᠡᠨ᠎ᠤ ᠭᠠᠯ᠎ᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠣ᠂ ᠤᠢ ᠰᠢᠭᠤᠢ ᠵᠢᠨ ᠲᠦᠢ᠍ᠮᠡᠷ ᠡᠭᠦᠰᠬᠦ ᠵᠢ ᠪᠦᠲᠦᠮᠵᠢᠲᠡᠶ ᠬᠣᠷᠢᠭᠯᠠᠨ ᠵᠣᠭᠰᠣᠭ᠋ᠠᠵᠤ᠂ ᠤᠢ ᠰᠢᠭᠤᠶ ᠵᠢᠨ ᠭᠠᠯ᠎ᠢ ᠰᠡᠷᠭᠡᠶ᠋ᠢᠯᠡᠬᠦ ᠡᠯ᠎ᠡ ᠵᠦᠢ᠍ᠯ᠎ᠤᠨ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠴᠢᠩᠭ᠎ᠠ ᠠᠳᠬᠤᠵᠤ ᠨᠠᠶ᠋ᠢᠳᠠᠪᠤᠷᠢᠵᠢᠭᠤᠯᠤᠨ᠂ ᠠᠷᠤᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠨᠠᠮᠤᠷ᠎ᠤᠨ ᠤᠯᠠᠷᠢᠯ᠎ᠤᠨ ᠤᠢ ᠰᠢᠭᠤᠢ ᠵᠢᠨ ᠭᠠᠯ᠎ᠢ ᠰᠡᠷᠭᠡᠶ᠋ᠢᠯᠡᠬᠦ ᠠᠵᠢᠯ᠎ᠢ ᠥᠷᠨᠢᠭᠦᠯᠪᠡ᠄
      ᠨᠢᠭᠡ᠎ᠳᠤ᠂ ᠢᠳᠡᠪᠬᠢᠲᠡᠶ ᠪᠡᠯᠡᠳᠬᠡᠵᠦ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠨ᠎ᠠ᠃ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠠᠯ᠎ᠢ ᠰᠡᠷᠭᠡᠶ᠋ᠢᠯᠡᠬᠦ ᠠᠵᠢᠯ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠰᠢᠭᠤᠶ᠋ᠢᠲᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠭᠣᠣᠯᠳᠠᠯᠭ᠎ᠠ᠎ᠲᠠᠢ ᠭᠠᠯ᠎ᠢ ᠰᠡᠷᠭᠡᠶ᠋ᠢᠯᠡᠬᠦ ᠣᠷᠣᠨ ᠭᠠᠵᠠᠷ᠎ᠢ ᠵᠠᠭ᠋ᠠᠭᠯᠠᠨ ᠲᠣᠭᠲᠠᠭ᠋ᠠᠵᠤ᠂ ᠭᠠᠯ᠎ᠢ ᠰᠡᠷᠭᠡᠶ᠋ᠢᠯᠡᠬᠦ ᠠᠵᠢᠯ᠎ᠢ ᠡᠳᠦᠷ ᠲᠤᠳᠤᠮ᠎ᠤᠨ ᠠᠵᠢᠯ᠎ᠤᠨ ᠳᠤᠮᠳᠠ ᠲᠠᠯᠪᠢᠵᠤ᠂ 24 ᠴᠠᠭ ᠵᠶ᠋ᠠᠷ ᠵᠢᠵᠢᠭᠦᠷᠯᠡᠬᠦ ᠳᠠᠢ᠌ᠴᠢᠯᠠᠨ ᠳᠠᠭ᠋ᠠᠭᠤᠯᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠮᠡᠳᠡᠭᠡ ᠬᠣᠯᠪᠣᠭ᠎ᠠ ᠰᠠᠭ᠋ᠠᠳ ᠦᠭᠡᠢ ᠪᠠᠶ᠋ᠢᠬᠤ ᠵᠢ ᠦᠡᠨᠡᠨᠬᠦ ᠪᠠᠲᠤᠯᠠᠨ᠎ᠠ᠂ ᠴᠠᠭ ᠲᠤᠬᠠᠢ᠎ᠲᠤᠨᠢ ᠭᠠᠯ ᠲᠦᠢ᠍ᠮᠡᠷ᠎ᠤᠨ ᠪᠠᠢ᠌ᠳᠠᠯ᠎ᠢ ᠣᠨᠣᠪᠴᠢᠲᠠᠶ᠎ᠪᠠᠷ ᠳᠡᠭᠡᠭᠰᠢ ᠮᠡᠳᠡᠭᠦᠯᠵᠦ᠂ ᠮᠡᠳᠡᠭᠦᠯᠬᠦ ᠦᠭᠡᠢ ᠨᠢᠭᠤᠭᠰᠠᠨ᠂ ᠮᠡᠳᠡᠭᠦᠯᠦᠯᠲᠡ᠎ᠠᠴᠠ ᠬᠣᠴᠣᠷᠠᠭᠤᠯᠬᠤ᠂ ᠤᠳᠠᠭ᠋ᠠᠰᠢᠷᠠᠭᠤᠯᠤᠨ ᠮᠡᠳᠡᠭᠦᠯᠵᠦ ᠪᠣᠯᠬᠤ ᠶᠠᠪᠤᠳᠠᠯ ᠭᠠᠷᠬᠤ ᠵᠢ ᠡᠷᠡᠰ ᠬᠣᠷᠢᠭᠯᠠᠪᠠ᠃
      ᠬᠣᠶᠠᠷ᠎ᠲᠤ᠂ ᠥᠷᠭᠡᠨ ᠵᠶ᠋ᠠᠷ ᠤᠬᠠᠭᠤᠯᠵᠤ᠂ ᠭᠠᠯ᠎ᠢ ᠰᠡᠷᠭᠡᠶ᠋ᠢᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ ᠬᠠᠷᠢᠶ᠎ᠠ ᠣᠷᠣᠨ᠎ᠳᠤ ᠭᠦᠨᠵᠡᠭᠡᠢ᠌ᠷᠡᠵᠦ᠂ ᠤᠢ ᠰᠢᠭᠤᠶ ᠵᠢᠨ ᠲᠠᠯᠠᠪᠠᠢ ᠵᠢᠴᠢ ᠡᠷᠬᠢᠨ ᠲᠣᠭᠣᠷᠢᠨ᠎ᠤ ᠠᠶ᠋ᠢᠯ ᠲᠣᠰᠬᠣᠨ᠎ᠠᠴᠠ ᠰᠤᠷᠲᠠᠯ ᠤᠬᠠᠭᠤᠯᠭ᠎ᠠ ᠵᠢᠨ ᠲᠡᠷᠭᠡ᠂ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠣ᠂ ᠭᠠᠯ᠎ᠢ ᠰᠡᠷᠭᠡᠶ᠋ᠢᠯᠡᠬᠦ ᠤᠷᠢᠶ᠎ᠠ ᠯᠣᠽᠦ᠋ᠩ ᠨᠠᠭ᠋ᠠᠬᠤ᠂ ᠪᠢᠴᠢᠭᠡᠰᠦ ᠡᠯᠭᠦᠬᠦ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠭᠠᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠵᠢ ᠶᠠᠪᠤᠭᠳᠠᠭᠣᠯᠵᠣ᠂ ᠤᠯᠠᠨ ᠲᠦᠮᠡᠨ᠎ᠳᠤ ᠤᠢ ᠰᠢᠭᠤᠶ ᠵᠢᠨ ᠭᠠᠯ᠎ᠢ ᠰᠡᠷᠭᠡᠶ᠋ᠢᠯᠡᠬᠦ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠬᠠᠶ ᠮᠡᠳᠡᠯᠭᠡ ᠪᠠ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠶᠡᠷᠦ ᠵᠢᠨ ᠮᠡᠳᠡᠯᠭᠡ ᠵᠢ ᠦᠷᠭᠡᠨ ᠵᠶ᠋ᠡᠷ ᠲᠦᠭᠡᠮᠡᠯᠵᠢᠭᠦᠯᠵᠦ᠂ ᠬᠠᠷᠢᠶ᠎ᠠ ᠣᠷᠣᠨ᠎ᠤ ᠥᠷᠭᠡᠨ ᠤᠯᠠᠨ ᠲᠦᠮᠡᠨ᠎ᠤ ᠭᠠᠯ᠎ᠢ ᠰᠡᠷᠭᠡᠶ᠋ᠢᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠭᠠᠯ᠎ᠢ ᠬᠠᠤᠯᠢ ᠶᠣᠰᠣᠭ᠋ᠠᠷ ᠬᠡᠷᠡᠭᠯᠡᠬᠦ ᠬᠠᠤᠯᠢ ᠳᠦᠷᠢᠮ᠎ᠤᠨ ᠦᠵᠡᠯᠲᠡ ᠵᠢ ᠴᠢᠩᠭ᠋ᠠᠳᠬᠠᠪᠠ᠃
      ᠭᠤᠷᠪᠠ᠎ᠳᠤ᠂ ᠴᠠᠭᠳᠠᠨ ᠲᠣᠭᠣᠷᠢᠬᠤ ᠵᠢ ᠴᠢᠩᠭ᠋ᠠᠳᠬᠠᠵᠤ᠂ ᠭᠠᠯ᠎ᠤᠨ ᠢᠷᠡᠯᠳᠡ ᠵᠢᠨ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ 9 ᠰᠠᠷ᠎ᠠ ᠵᠢᠨ 15᠎ᠤ ᠡᠳᠦᠷ᠎ᠠᠴᠠ ᠡᠬᠢᠯᠡᠵᠦ᠂ ᠤᠢ ᠰᠢᠭᠤᠶ ᠵᠢᠨ ᠭᠠᠯ᠎ᠢ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ ᠣᠷᠣᠵᠦ᠂ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠂ ᠭᠣᠣᠯᠳᠠᠯᠭ᠎ᠠ᠎ᠲᠠᠢ ᠭᠠᠯ᠎ᠤᠨ ᠠᠶᠤᠯ᠎ᠲᠠᠢ ᠣᠷᠣᠨ᠂ ᠭᠣᠣᠯᠳᠠᠯᠭ᠎ᠠ᠎ᠲᠠᠢ ᠬᠠᠮᠠᠭ᠋ᠠᠯᠠᠯᠲᠠ ᠵᠢᠨ ᠣᠷᠣᠨ᠎ᠳᠠᠬᠢ ᠭᠠᠯ᠎ᠢ ᠰᠡᠷᠭᠡᠶ᠋ᠢᠯᠡᠵᠦ ᠲᠣᠭᠣᠷᠢᠨ ᠴᠠᠭᠳᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠭᠠᠳᠠᠨ᠎ᠠ᠎ᠠᠴᠠ ᠢᠷᠡᠭᠰᠡᠨ ᠬᠥᠮᠦᠰ ᠵᠢᠴᠢ ᠲᠡᠷᠭᠡ ᠬᠥᠰᠬᠡ ᠵᠢ ᠴᠢᠩᠭ᠎ᠠ ᠪᠠᠶ᠋ᠢᠴᠠᠭ᠋ᠠᠬᠤ ᠵᠢ ᠴᠢᠩᠭ᠋ᠠᠳᠬᠠᠵᠤ᠂ ᠲᠡᠭᠦᠨᠴᠢᠯᠡᠨ ᠪᠦᠷᠢᠳᠬᠡᠨ ᠲᠡᠡᠭᠰᠡᠯᠡᠵᠦ᠂ ᠬᠡᠭᠡᠷ᠎ᠡ ᠭᠠᠳᠠᠨᠠᠬᠢ ᠭᠠᠯ᠎ᠤᠨ ᠢᠷᠡᠯᠳᠡ ᠵᠢᠨ ᠬᠠᠮᠢᠶᠠᠷᠤᠯᠲᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠵᠣᠷᠢᠭᠤᠳᠠ ᠭᠠᠯ ᠲᠠᠯᠪᠢᠬᠤ ᠠᠶᠤᠯ᠎ᠤᠨ ᠲᠠᠯᠳᠠ ᠭᠡᠮ᠎ᠢ ᠬᠣᠷᠢᠭᠯᠠᠬᠤ ᠪᠠ ᠬᠢᠵᠠᠭ᠋ᠠᠷᠯᠠᠪᠠ᠃
      ᠳᠦᠷᠪᠡ᠎ᠳᠤ᠂ ᠠᠭᠤᠴᠢᠯᠠᠬᠤ ᠦᠭᠡᠢ ᠴᠢᠩᠭ᠎ᠠ᠎ᠪᠠᠷ ᠶᠠᠯᠠᠯᠠᠬᠤ᠂ ᠪᠠᠶ᠋ᠢᠴᠠᠭ᠋ᠠᠨ ᠰᠢᠢᠳᠪᠦᠷᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠡᠭᠦᠷᠭᠡ ᠲᠤᠰᠢᠶᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠳᠡᠪᠬᠢᠲᠡᠶ᠎ᠪᠠᠷ ᠰᠦᠪᠡᠭᠴᠢ ᠵᠢ ᠡᠷᠢᠬᠦ ᠪᠥᠭᠡᠳ ᠬᠠᠷᠢᠶ᠎ᠠ ᠣᠷᠣᠨ᠎ᠤ ᠨᠠᠮᠤᠷ᠎ᠤᠨ ᠤᠯᠠᠷᠢᠯ᠎ᠤᠨ ᠤᠢ ᠰᠢᠭᠤᠶ ᠵᠢᠨ ᠭᠠᠯ᠎ᠤᠨ ᠠᠶᠤᠯ᠎ᠤᠨ ᠬᠡᠷᠡᠭ ᠡᠭᠦᠰᠬᠦ ᠵᠢ ᠭᠦᠨᠵᠡᠭᠡᠶ ᠵᠠᠳᠠᠯᠤᠨ᠎ᠠ᠃ ᠬᠦᠴᠦᠲᠡᠶ ᠠᠷᠭ᠎ᠠ ᠬᠡᠮᠵᠢᠶ᠎ᠡ ᠠᠪᠴᠤ᠂ ᠤᠢ ᠰᠢᠭᠤᠶ ᠵᠢᠨ ᠭᠠᠯ᠎ᠤᠨ ᠠᠶᠤᠯ᠎ᠢ ᠬᠡᠷᠡᠭ᠎ᠢ ᠲᠤᠷᠰᠢᠨ ᠪᠠᠶ᠋ᠢᠴᠠᠭ᠋ᠠᠵᠤ ᠢᠯᠡᠷᠡᠭᠦᠯᠦᠭᠰᠡᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠢ ᠰᠢᠭᠤᠶ ᠵᠢᠨ ᠭᠠᠯ᠎ᠤᠨ ᠠᠶᠤᠯ᠎ᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠵᠦ᠂ ᠨᠢᠭᠡᠨ ᠬᠡᠷᠡᠭ᠎ᠢ ᠪᠠᠶ᠋ᠢᠴᠠᠭ᠋ᠠᠨ ᠰᠢᠢᠳᠪᠦᠷᠢᠯᠡᠪᠡᠯ ᠨᠢᠭᠡ ᠣᠷᠣᠨ᠎ᠢ ᠳᠣᠷᠭᠢᠭᠣᠯᠵᠣ᠂ ᠨᠢᠭᠡ ᠪᠦᠯᠦᠭ ᠬᠦᠮᠦᠰ᠎ᠢ ᠰᠤᠷᠭ᠋ᠠᠨ ᠬᠥᠮᠦᠵᠢᠭᠦᠯᠬᠦ ᠵᠢ ᠦᠨᠡᠨᠬᠦ ᠪᠠᠳᠠᠷᠠᠭᠤᠯᠪᠠ᠃




ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠢᠳᠡᠨ᠎ᠤ ᠰᠢᠷᠭᠤᠯᠵᠢ ᠣᠢ ᠰᠢᠭᠤᠶ ᠵᠢᠨ ᠫᠠᠶ᠋ᠢᠰᠠ᠎ᠨᠢ ᠠᠰᠢᠭᠯᠠᠯᠲᠠ᠎ᠳᠤ ᠣᠷᠣᠪᠠ᠂ ᠮᠡᠳᠡᠷᠡᠨ ᠠᠪᠬᠤ᠎ᠪᠠᠷ ᠪᠡᠯᠡᠳᠭᠡᠷᠡᠢ!
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠰᠢᠷ᠎ᠠ ᠦᠨᠳᠦᠷ ᠬᠠᠮᠠᠭ᠋ᠠᠯᠠᠯᠲᠠ ᠵᠢᠨ ᠣᠷᠣᠨ᠎ᠠᠴᠠ ᠪᠠᠷᠢᠮᠵᠢᠶ᠎ᠠ ᠵᠢ ᠪᠠᠲᠤᠯᠠᠨ ᠵᠠᠭ᠋ᠠᠭ᠎ᠢ ᠲᠣᠭᠲᠠᠭ᠋ᠠᠬᠤ ᠠᠵᠢᠯ ᠵᠶ᠋ᠠᠨ ᠠᠮᠵᠢᠯᠲᠠᠲᠠᠢ ᠲᠡᠭᠦᠰᠬᠡᠪᠡ
ᠴᠠᠢ ᠾᠧ ᠣᠶ ᠰᠢᠭᠤᠶ ᠵᠢᠨ ᠲᠣᠪᠴᠢᠶ᠎ᠠ ᠵᠢᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠣᠷᠢᠶᠠᠨ᠎ᠠᠴᠠ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠠᠴᠠ ᠨᠠᠮᠤᠷ ᠡᠪᠦᠯ᠎ᠤᠨ ᠤᠯᠠᠷᠢᠯ᠎ᠤᠨ ᠤᠢ ᠰᠢᠭᠤᠶ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠣᠲᠣᠭ ᠬᠤᠰᠢᠭᠤᠠ᠎ᠤ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠬᠢᠯᠢ᠎ᠪᠠᠷ ᠤᠷᠤᠵᠥ ᠭᠠᠷᠬᠤ ᠵᠢ ᠬᠠᠮᠢᠶᠠᠷᠬᠤ ᠶᠡᠭᠡ ᠠᠩᠬᠢ ᠰᠢᠶᠠᠩᠭ᠋ᠠᠩ ᠤᠤᠮᠸᠠ ᠲᠡᠶ᠋ᠢᠸᠠᠠ᠎ᠳᠤ ᠪᠦᠯᠬᠦᠮ ᠨᠢᠬᠡᠴᠢ᠎ᠪᠠᠷ ᠵᠤᠭ᠋ᠠᠴᠠᠬᠤ ᠵᠢ ᠴᠤᠬᠤᠯᠠᠪᠤᠷᠢᠯᠡᠬᠤ ᠡᠷᠬᠡ᠎ᠲᠠᠢ ᠪᠤᠯᠪᠠ
 
             蒙ICP备05000248号