ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠬᠤᠭᠤᠴᠠᠭ᠋ᠠᠨ᠎ᠳᠤ ᠤᠷᠢᠳᠴᠢᠯᠠᠨ ᠣᠷᠣᠪᠠ
ᠨᠡᠶ᠋ᠢᠲᠡᠯᠡᠭᠰᠡᠨ ᠴᠠᠭ᠄ 2018-09-19

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 9 ᠰᠠᠷ᠎ᠠ ᠵᠢᠨ 18᠎ᠤ ᠡᠳᠦᠷ᠎ᠤᠨ ᠮᠡᠳᠡᠭᠡ
      ᠡᠨᠡ ᠵᠢᠯ᠎ᠤᠨ ᠵᠤᠠ᠎ᠤ ᠤᠯᠠᠷᠢᠯ᠎ᠳᠤ ᠬᠤᠷ᠎ᠠ ᠪᠣᠷᠣᠭ᠋ᠠᠨ ᠡᠯᠪᠡᠭ᠂ ᠡᠪᠡᠰᠦ ᠮᠣᠳᠣ ᠢᠭᠴᠤ ᠰᠠᠬᠤᠯᠢᠭ᠂ ᠨᠠᠮᠤᠷ᠎ᠤᠨ ᠰᠠᠯᠬᠢ ᠶᠡᠬᠡ᠂ ᠪᠣᠳᠠᠰ ᠬᠠᠭᠤᠷᠠᠢ᠂ ᠡᠭᠦᠨ᠎ᠤ ᠳᠡᠭᠡᠷ᠎ᠡ ᠨᠠᠢ᠍ᠮᠠᠨ ᠰᠠᠷ᠎ᠠ ᠵᠢᠨ ᠠᠷᠪᠠᠨ ᠲᠠᠪᠤᠨ᠂ ᠤᠯᠤᠰ᠎ᠤᠨ ᠪᠠᠶᠠᠷ᠎ᠤᠨ ᠡᠳᠦᠷ᠎ᠤᠨ ᠤᠳᠠᠯ ᠦᠭᠡᠢ ᠬᠦᠷᠴᠦ ᠢᠷᠡᠬᠦ ᠲᠠᠰᠢᠷᠠᠮ᠎ᠠᠴᠠ ᠪᠤᠯᠵᠤ᠂ ᠲᠦᠴᠢᠦᠸᠠᠨ ᠰᠢᠶᠠᠨ᠎ᠤ ᠨᠠᠮᠤᠷ᠎ᠤᠨ ᠰᠡᠷᠭᠡᠢ᠌ᠯᠡᠯᠲᠡ᠎ᠨᠢ ᠣᠶ ᠰᠢᠭᠤᠶ ᠵᠢᠨ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠲᠤᠶ᠋ᠢᠯ᠎ᠤᠨ ᠬᠦᠨᠳᠦ ᠨᠣᠴᠢᠲᠠᠶ ᠪᠠᠶ᠋ᠢᠳᠠᠯ᠎ᠳᠤ ᠲᠤᠯᠭ᠋ᠠᠷᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠡᠭᠦᠷᠭᠡ ᠵᠢᠨ ᠬᠡᠮᠵᠢᠶ᠎ᠡ᠎ᠨᠢ ᠥᠩᠭᠡᠷᠡᠭᠰᠡᠨ ᠵᠢᠯ᠎ᠠᠴᠠ ᠬᠦᠨᠳᠦᠷᠡᠪᠡ᠃ ᠳᠡᠭᠡᠷ᠎ᠡ ᠱᠠᠲᠤᠨ᠎ᠤ ᠱᠠᠭ᠋ᠠᠷᠳᠠᠯᠭ᠎ᠠ ᠶᠤᠰᠣᠭ᠋ᠠᠷ᠂ ᠮᠠᠨ᠎ᠤ ᠰᠢᠶᠠᠨ᠎ᠠᠴᠠ 9 ᠰᠠᠷ᠎ᠠ ᠵᠢᠨ 10᠎ᠤ ᠡᠳᠦᠷ᠎ᠠᠴᠠ ᠡᠬᠢᠯᠡᠵᠦ᠂ ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠬᠤᠭᠤᠴᠠᠭ᠋ᠠᠨ᠎ᠳᠤ ᠤᠷᠢᠳᠴᠢᠯᠠᠨ ᠣᠷᠣᠪᠠ᠃ ᠥᠨᠥ᠂ ᠰᠢᠶᠠᠨ᠎ᠤ ᠤᠢ ᠰᠢᠭᠤᠶ ᠵᠢᠨ ᠲᠣᠪᠴᠢᠶ᠎ᠠ ᠵᠢᠨ ᠨᠠᠷᠢᠨ ᠨᠢᠮᠪᠠᠶ ᠪᠠᠶ᠋ᠢᠷᠢᠯᠠᠭᠤᠯᠤᠯᠲᠠ ᠳᠣᠣᠷ᠎ᠠ᠂ ᠪᠦᠬᠦ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ ᠪᠦᠬᠦ ᠭᠠᠯ᠎ᠢ ᠰᠡᠷᠭᠡᠶ᠋ᠢᠯᠡᠬᠦ ᠬᠥᠮᠦᠰ ᠳᠠᠢ᠌ᠨ᠎ᠤ ᠪᠡᠯᠡᠳᠭᠡᠯ ᠪᠠᠶ᠋ᠢᠳᠠᠯ᠎ᠳᠤ ᠣᠷᠣᠪᠠ᠃
      ᠡᠨᠡ ᠵᠢᠯ᠎ᠤᠨ ᠨᠠᠮᠤᠷ᠎ᠤᠨ ᠰᠡᠷᠭᠡᠢ᠌ᠯᠡᠯᠲᠡ ᠵᠢᠨ ᠬᠤᠭᠤᠴᠠᠭ᠋ᠠᠨ᠎ᠳᠤ ᠠᠪᠤᠭᠰᠠᠨ ᠭᠣᠣᠯ ᠠᠷᠭ᠎ᠠ ᠬᠡᠮᠵᠢᠶ᠎ᠡ ᠪᠣᠯ᠄ ᠨᠢᠭᠡ᠎ᠳᠤ᠂ ᠡᠯ᠎ᠡ ᠬᠠᠷᠢᠭᠤᠴᠠᠯᠭ᠋ᠠᠲᠤ ᠰᠠᠯᠠᠭ᠎ᠠ ᠮᠥᠴᠢᠷ᠎ᠲᠤ ᠮᠡᠳᠡᠭᠳᠡᠯ ᠪᠠᠭᠤᠯᠭ᠋ᠠᠵᠤ᠂ ᠡᠯ᠎ᠡ ᠭᠠᠯ᠎ᠢ ᠰᠡᠷᠭᠡᠶ᠋ᠢᠯᠡᠬᠦ ᠨᠢᠭᠡᠴᠡ᠎ᠨᠢ ᠭᠠᠯ᠎ᠢ ᠰᠡᠷᠭᠡᠶ᠋ᠢᠯᠡᠬᠦ ᠠᠵᠢᠯ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠭᠠᠯ᠎ᠢ ᠰᠡᠷᠭᠡᠶ᠋ᠢᠯᠡᠬᠦ ᠠᠵᠢᠯ᠎ᠢ ᠨᠠᠶ᠋ᠢᠳᠠᠪᠤᠷᠢᠵᠢᠭᠤᠯᠪᠠ᠃ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠣᠷᠣᠨ᠎ᠤ ᠳᠣᠲᠣᠷ᠎ᠠ ᠭᠠᠯ᠎ᠢ ᠰᠡᠷᠭᠡᠶ᠋ᠢᠯᠡᠬᠦ ᠭᠣᠣᠯᠳᠠᠯᠭ᠎ᠠ᠎ᠲᠠᠢ ᠨᠢᠭᠡᠴᠡ᠎ᠲᠠᠢ ᠬᠣᠯᠪᠣᠭᠳᠠᠬᠤ ᠮᠡᠳᠡᠭᠳᠡᠯ᠎ᠤᠨ ᠠᠵᠢᠯ᠎ᠢ ᠬᠠᠷᠢᠭᠤᠴᠠᠪᠠ᠃ ᠬᠣᠶᠠᠷ᠎ᠲᠤ᠂ ᠭᠠᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠶᠡᠬᠡᠪᠡᠷ ᠶᠠᠪᠤᠭᠳᠠᠭᠣᠯᠵᠣ᠂ ᠬᠡᠷ ᠡᠷᠦᠭᠡ᠎ᠳᠤ ᠣᠷᠣᠵᠤ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠡ᠂ ᠬᠥᠮᠦᠨ ᠠᠮᠠ ᠨᠢᠭᠲᠠᠷᠬᠠᠰᠠᠨ ᠭᠠᠵᠠᠷ᠎ᠲᠤ ᠤᠬᠠᠭᠤᠯᠭ᠎ᠠ ᠵᠢᠨ ᠴᠡᠭ ᠪᠠᠶ᠋ᠢᠭᠤᠯᠵᠤ᠂ ᠰᠤᠷᠭ᠋ᠠᠭᠤᠯᠢ ᠵᠢᠨ ᠬᠦᠷᠢᠶ᠎ᠡ ᠪᠠ ᠢᠲᠡᠭᠡᠮᠵᠢ ᠵᠢᠨ ᠬᠣᠷᠰᠢᠶᠠᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠶᠠᠪᠤᠭᠳᠠᠭᠣᠯᠪᠠ᠃ ᠭᠤᠷᠪᠠ᠎ᠳᠤ᠂ ᠡᠳᠦᠷ ᠲᠤᠲᠤᠮ᠎ᠤᠨ ᠲᠣᠭᠣᠷᠢᠨ ᠬᠠᠮᠠᠭ᠋ᠠᠯᠠᠬᠤ᠂ ᠬᠠᠷᠠᠵᠤ ᠵᠣᠭᠰᠣᠵᠤ ᠪᠠᠶ᠋ᠢᠭ᠎ᠠ ᠪᠥᠬᠥ ᠠᠵᠢᠯᠲᠠᠳ ᠠᠵᠢᠯ᠎ᠤᠨ ᠪᠠᠢ᠌ᠷᠢᠨ᠎ᠳᠤ ᠭᠠᠷᠴᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠭᠠᠳᠠᠷ ᠥᠷᠲᠡᠭᠡ ᠪᠠ ᠠᠮᠢ ᠠᠬᠤᠢ ᠵᠢᠨ ᠤᠢ ᠵᠢᠨ ᠬᠠᠮᠠᠭ᠋ᠠᠯᠠᠭᠴᠢᠳ᠎ᠤᠨ ᠲᠤᠰᠠᠭ᠋ᠠᠷ ᠭᠠᠯ᠎ᠤᠨ ᠰᠡᠷᠭᠡᠶ᠋ᠢᠯᠡᠯᠲᠡ ᠵᠢᠨ ᠲᠣᠭᠣᠷᠢᠨ ᠪᠠᠶ᠋ᠢᠴᠠᠭ᠋ᠠᠵᠤ ᠬᠠᠮᠠᠭ᠋ᠠᠯᠠᠬᠤ ᠠᠵᠢᠯ᠎ᠤᠨ ᠲᠡᠮᠳᠡᠭᠯᠡᠯ᠎ᠢ ᠪᠠᠶ᠋ᠢᠭᠤᠯᠬᠣ ᠵᠢ ᠱᠠᠭ᠋ᠠᠷᠳᠠᠪᠠ᠃ ᠳᠥᠷᠪᠡ᠎ᠳᠤ᠂ ᠭᠠᠯ᠎ᠢ ᠤᠨᠲᠠᠷᠠᠭ᠋ᠠᠬᠤ ᠡᠭᠦᠷᠭᠡ ᠵᠢ ᠡᠭᠦᠷᠭᠡᠯᠡᠬᠦ ᠨᠢᠭᠡᠴᠡ ᠵᠢᠨ ᠭᠠᠯ᠎ᠢ ᠰᠡᠷᠭᠡᠶ᠋ᠢᠯᠡᠬᠦ ᠮᠠᠰᠢᠨ ᠪᠠᠭ᠋ᠠᠵᠢ᠂ ᠭᠠᠯ᠎ᠢ ᠤᠨᠲᠠᠷᠠᠭ᠋ᠠᠬᠤ ᠡᠩᠨᠡᠭᠡ᠎ᠨᠢ   ᠳᠠᠢ᠌ᠨ᠎ᠤ ᠪᠡᠯᠡᠳᠬᠡᠯ ᠪᠠᠶ᠋ᠢᠳᠠᠯ᠎ᠲᠠᠢ ᠪᠠᠢ᠌ᠬᠤ ᠴᠢᠬᠤᠯᠠᠲᠠᠢ᠃ ᠲᠠᠪᠤ᠎ᠳᠤ᠂ ᠵᠢᠵᠢᠭᠦᠷᠯᠡᠬᠦ᠂ ᠰᠥᠨᠢ ᠵᠢᠨ ᠮᠠᠨᠠᠭ᠎ᠠ ᠵᠢᠨ ᠠᠵᠢᠯ᠎ᠢ ᠴᠢᠩᠭ᠋ᠠᠳᠬᠠᠵᠤ᠂ 24 ᠴᠠᠭ ᠵᠶ᠋ᠡᠷ ᠵᠢᠵᠢᠭᠦᠷᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠪᠠᠶ᠋ᠢᠷᠢ ᠵᠢ ᠣᠷᠬᠢᠭᠳᠠᠭᠤᠯᠬᠤ ᠪᠠ ᠬᠤᠭᠤᠰᠣᠳᠠᠠᠭᠤᠯᠬᠤ᠂ ᠠᠷᠢᠬᠢᠨ ᠠᠭ᠋ᠠᠰᠢ ᠭᠠᠷᠭ᠋ᠠᠬᠣ ᠵᠡᠷᠭᠡ ᠮᠠᠭᠤ ᠠᠵᠢᠯᠯᠠᠭ᠎ᠠ ᠵᠢ ᠬᠢᠵᠦ ᠪᠣᠯᠬᠤ ᠦᠭᠡᠢ᠃ ᠡᠯ᠎ᠡ ᠰᠤᠮᠤ ᠪᠠᠯᠭ᠋ᠠᠰᠤ᠂ ᠣᠶ ᠰᠢᠭᠤᠶ ᠵᠢᠨ ᠲᠠᠯᠠᠪᠠᠶ ᠵᠢᠨ᠎ᠬᠢᠨ᠎ᠠᠴᠠ 9 ᠰᠠᠷ᠎ᠠ ᠵᠢᠨ 15᠎ᠤ ᠡᠳᠦᠷ᠎ᠠᠴᠠ ᠡᠮᠦᠨ᠎ᠡ ᠵᠢᠵᠢᠭᠦᠷ᠎ᠤᠨ ᠬᠦᠰᠦᠨᠦᠭᠲᠦ ᠵᠢ ᠭᠠᠯ᠎ᠢ ᠰᠡᠷᠭᠡᠶ᠋ᠢᠯᠡᠬᠦ ᠠᠯᠪᠠᠨ ᠭᠡᠷ᠎ᠲᠤ ᠮᠡᠳᠡᠭᠦᠯᠪᠠ᠃ ᠵᠢᠷᠭᠤᠭ᠎ᠠ᠎ᠳᠤ᠂ ᠭᠠᠯ᠎ᠢ ᠰᠡᠷᠭᠡᠶ᠋ᠢᠯᠡᠬᠦ ᠠᠯᠪᠠᠨ ᠭᠡᠷ᠎ᠠᠴᠠ ᠣᠶ᠋ᠢᠷ᠎ᠠ᠎ᠳᠤ᠂ ᠡᠯ᠎ᠡ ᠨᠢᠭᠡᠴᠡ᠎ᠨᠦᠭᠦᠳ᠎ᠲᠤ ᠪᠠᠶ᠋ᠢᠴᠠᠭ᠋ᠠᠯᠲᠠ ᠬᠢᠪᠡ᠃



ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠡᠵᠡᠨ᠎ᠡ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ᠎ᠠᠴᠠ ᠤᠬᠠᠭᠤᠯᠭ᠎ᠠ ᠵᠢᠨ ᠫᠠᠶ᠋ᠢᠰᠠ ᠵᠢ ᠤᠭᠰᠠᠷᠠᠨ ᠲᠤᠬᠢᠷᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠤᠬᠠᠭᠤᠯᠭ᠎ᠠ ᠵᠢᠨ ᠬᠡᠪᠴᠢᠶ᠎ᠡ ᠵᠢ ᠥᠷᠭᠡᠳᠬᠡᠪᠡ
ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠤᠢ ᠰᠢᠭᠤᠢ ᠵᠢᠨ ᠨᠠᠮᠤᠷ᠎ᠤᠨ ᠤᠯᠠᠷᠢᠯ᠎ᠤᠨ ᠭᠠᠯ᠎ᠢ ᠰᠡᠷᠭᠡᠶ᠋ᠢᠯᠡᠬᠦ ᠠᠵᠢᠯ᠎ᠢ ᠶᠠᠪᠤᠭᠳᠠᠭᠤᠯᠪᠠ
ᠪᠢᠳᠡᠨ᠎ᠤ ᠰᠢᠷᠭᠤᠯᠵᠢ ᠣᠢ ᠰᠢᠭᠤᠶ ᠵᠢᠨ ᠫᠠᠶ᠋ᠢᠰᠠ᠎ᠨᠢ ᠠᠰᠢᠭᠯᠠᠯᠲᠠ᠎ᠳᠤ ᠣᠷᠣᠪᠠ᠂ ᠮᠡᠳᠡᠷᠡᠨ ᠠᠪᠬᠤ᠎ᠪᠠᠷ ᠪᠡᠯᠡᠳᠭᠡᠷᠡᠢ!
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠰᠢᠷ᠎ᠠ ᠦᠨᠳᠦᠷ ᠬᠠᠮᠠᠭ᠋ᠠᠯᠠᠯᠲᠠ ᠵᠢᠨ ᠣᠷᠣᠨ᠎ᠠᠴᠠ ᠪᠠᠷᠢᠮᠵᠢᠶ᠎ᠠ ᠵᠢ ᠪᠠᠲᠤᠯᠠᠨ ᠵᠠᠭ᠋ᠠᠭ᠎ᠢ ᠲᠣᠭᠲᠠᠭ᠋ᠠᠬᠤ ᠠᠵᠢᠯ ᠵᠶ᠋ᠠᠨ ᠠᠮᠵᠢᠯᠲᠠᠲᠠᠢ ᠲᠡᠭᠦᠰᠬᠡᠪᠡ
ᠴᠠᠢ ᠾᠧ ᠣᠶ ᠰᠢᠭᠤᠶ ᠵᠢᠨ ᠲᠣᠪᠴᠢᠶ᠎ᠠ ᠵᠢᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠣᠷᠢᠶᠠᠨ᠎ᠠᠴᠠ 《ᠭᠤᠷᠪᠠᠨ ᠶᠠᠪᠤᠳᠠᠯ》᠎ᠢ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
 
             蒙ICP备05000248号