ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 11 ᠰᠠᠷ᠎ᠠ ᠵᠢᠨ 1᠎ᠤ ᠡᠳᠦᠷ᠎ᠤᠨ ᠮᠡᠳᠡᠭᠡ
10 ᠰᠠᠷ᠎ᠠ ᠵᠢᠨ 19᠎ᠤ ᠦᠳᠡ ᠵᠢᠨ ᠬᠣᠶ᠋ᠢᠨ᠎ᠠ᠂ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠠᠴᠠ ᠪᠦᠬᠦ ᠰᠢᠶᠠᠨ᠎ᠤ ᠨᠠᠮᠤᠷ ᠡᠪᠦᠯ᠎ᠤᠨ ᠤᠯᠠᠷᠢᠯ᠎ᠤᠨ ᠤᠢ ᠰᠢᠭᠤᠶ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠪᠦᠬᠦ ᠰᠢᠶᠠᠨ᠎ᠤ ᠨᠠᠮᠤᠷ ᠡᠪᠦᠯ᠎ᠤᠨ ᠤᠯᠠᠷᠢᠯ᠎ᠤᠨ ᠤᠢ ᠰᠢᠭᠤᠶ ᠵᠢᠨ ᠦᠢ᠍ᠯᠡᠰ᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠬᠠᠨ ᠵᠢᠶᠦ᠋ᠨ ᠢ᠂ ᠢ ᠴᠠᠩ ᠲᠤᠪᠴᠢᠶ᠎ᠠ᠂ ᠤᠰᠤᠨ᠎ᠤ ᠶᠠᠪᠤᠳᠠᠯ᠎ᠤᠨ ᠲᠣᠪᠴᠢᠶ᠎ᠠ ᠵᠢᠨ ᠭᠣᠣᠯ ᠤᠳᠤᠷᠢᠳᠤᠯᠭ᠎ᠠ᠂ ᠤᠰᠤ ᠵᠠᠯᠠᠬᠤ ᠰᠠᠯᠠᠭ᠎ᠠ ᠲᠡᠰᠦᠬ᠎ᠤᠨ ᠬᠠᠷᠢᠭᠤᠴᠠᠯᠭ᠋ᠠᠲᠠᠨ ᠵᠡᠷᠭᠡ ᠤᠳᠤᠷᠢᠳᠤᠯᠭ᠎ᠠ ᠨᠠᠷ᠂ ᠣᠶ ᠰᠢᠭᠤᠶ ᠵᠢᠨ ᠲᠣᠪᠴᠢᠶ᠎ᠠ ᠵᠡᠷᠭᠡ ᠳᠡᠰ᠎ᠠᠴᠠ ᠳᠡᠭᠡᠭᠰᠢᠬᠢ ᠺᠠᠳ᠋ᠷ ᠵᠢᠴᠢ ᠡᠯ᠎ᠡ ᠰᠢᠶᠠᠩ ᠪᠠᠯᠭ᠋ᠰᠣᠨᠤ ᠭᠣᠤᠯ ᠤᠳᠤᠷᠢᠳᠤᠯᠭ᠎ᠠ᠂ ᠤᠢ ᠰᠢᠭᠤᠶ ᠵᠢᠨ ᠠᠵᠢᠯ᠎ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠣᠶ ᠰᠢᠭᠤᠶ ᠵᠢᠨ ᠲᠣᠪᠴᠢᠶ᠎ᠠ ᠵᠢᠨ ᠳᠠᠷᠤᠭ᠎ᠠ ᠯᠢᠨ ᠶᠦᠩ ᠸᠠᠩ᠎ᠠᠴᠠ ᠨᠠᠮᠤᠷ ᠡᠪᠦᠯ᠎ᠤᠨ ᠣᠯᠠᠷᠢᠯ᠎ᠤᠨ ᠤᠢ ᠰᠢᠭᠤᠶ ᠵᠢᠨ ᠦᠢ᠍ᠯᠡᠰ᠎ᠤᠨ ᠡᠯ᠎ᠡ ᠵᠦᠢ᠍ᠯ᠎ᠤᠨ ᠠᠵᠢᠯ᠎ᠢ ᠪᠣᠳᠠᠲᠠᠶ ᠲᠣᠬᠢᠷᠠᠭᠤᠯᠤᠭᠰᠠᠨ ᠪᠠᠶ᠋ᠢᠨ᠎ᠠ᠃ ᠨᠢᠭᠡ᠎ᠳᠤ᠂ ᠰᠢᠭᠤᠶ᠋ᠢᠲᠤ ᠭᠠᠵᠠᠷ᠎ᠲᠤ ᠨᠠᠮᠤᠷ ᠤᠰᠤᠯᠠᠬᠤ ᠪᠠ ᠮᠠᠯᠵᠢᠬᠤ ᠵᠢ ᠴᠠᠭ᠋ᠠᠵᠠᠯᠠᠬᠤ᠂ ᠭᠠᠯ᠎ᠢ ᠰᠡᠷᠭᠡᠶ᠋ᠢᠯᠡᠬᠦ ᠵᠡᠷᠭᠡ ᠤᠢ ᠮᠣᠳᠣ ᠵᠢ ᠬᠠᠮᠢᠶᠠᠷᠴᠤ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠨ᠎ᠠ᠃ ᠬᠣᠶᠠᠷ᠎ᠲᠤ᠂ ᠠᠰᠢᠭᠲᠠᠶ ᠴᠠᠭ ᠲᠣᠬᠢᠶᠠᠯ᠎ᠢ ᠠᠳᠬᠤᠵᠤ᠂ ᠨᠠᠶ᠋ᠢᠳᠠᠪᠤᠷᠢᠵᠢᠭᠤᠯᠤᠨ᠎ᠠ᠃ ᠭᠤᠷᠪᠠ᠎ᠳᠤ᠂ ᠣᠶ᠋ᠢᠵᠢᠭᠤᠯᠤᠯᠲᠠ ᠵᠢᠨ ᠣᠷᠣᠨ ᠵᠠᠶ ᠵᠢ ᠭᠦᠢ᠍ᠴᠡᠳ ᠥᠷᠭᠡᠳᠬᠡᠵᠦ᠂ ᠪᠦᠬᠦ ᠰᠢᠶᠠᠨ᠎ᠤ ᠣᠰᠣ ᠭᠠᠳᠠᠭᠰᠢᠯᠠᠭᠤᠯᠬᠤ ᠭᠤᠤᠯ ᠰᠣᠪᠠᠭ᠎ᠤᠨ ᠢᠨᠵᠸᠨᠸᠷᠢᠩ᠎ᠤᠨ ᠨᠠᠯᠠᠤ ᠬᠤᠪᠢᠯᠤᠨ ᠨᠣᠭᠣᠭ᠋ᠠᠷᠠᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠨ᠎ᠠ᠃ ᠲᠦᠷᠪᠡ᠎ᠳᠤ᠂ ᠣᠢ ᠰᠢᠭᠤᠢ ᠵᠢᠨ ᠦᠢ᠍ᠯᠡᠰ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠠᠵᠢᠯ᠎ᠢ ᠰᠠᠶ᠋ᠢᠲᠤᠷ ᠠᠳᠬᠤᠨ᠎ᠠ᠃ ᠲᠠᠪᠤ᠎ᠳᠤ᠂ ᠰᠢᠭᠤᠶ᠋ᠢᠲᠤ ᠭᠠᠵᠠᠷ᠎ᠢ ᠲᠠᠲᠠᠪᠤᠷᠢᠯᠠᠨ ᠡᠵᠡᠯᠡᠨ ᠬᠡᠷᠡᠭᠯᠡᠬᠦ᠂ ᠤᠢ ᠮᠣᠳᠣ ᠵᠢ ᠣᠭᠲᠣᠯᠬᠤ ᠪᠠ ᠰᠢᠨᠡᠳᠬᠡᠬᠦ ᠵᠡᠷᠭᠡ ᠤᠢ ᠰᠢᠭᠤᠶ ᠵᠢᠨ ᠡᠬᠢ ᠪᠠᠶᠠᠯᠢᠭ᠎ᠢ ᠬᠠᠮᠢᠶᠠᠷᠴᠣ ᠬᠠᠮᠠᠭ᠋ᠠᠯᠠᠬᠤ ᠠᠵᠢᠯ᠎ᠢ ᠰᠠᠢ᠌ᠳᠣᠷ ᠠᠳᠬᠣᠨᠠ᠃
ᠬᠤᠷᠠᠯ᠎ᠤᠨ ᠡᠴᠦᠰ᠎ᠲᠤ᠂ ᠬᠠᠨ ᠵᠢᠶᠦ᠋ᠨ ᠢ ᠰᠢᠶᠠᠨ᠎ᠤ ᠳᠡᠳ᠋ ᠳᠠᠷᠤᠭ᠎ᠠ᠎ᠠᠴᠠ ᠴᠢᠬᠤᠯᠠ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ᠎ᠨᠢ᠂ ᠡᠯ᠎ᠡ ᠰᠤᠮᠤ ᠪᠠᠯᠭ᠋ᠠᠰᠤᠨ᠎ᠠᠴᠠ ᠨᠠᠮᠤᠷ ᠡᠪᠦᠯ᠎ᠤᠨ ᠤᠯᠠᠷᠢᠯ᠎ᠤᠨ ᠤᠢ ᠰᠢᠭᠤᠶ ᠵᠢᠨ ᠦᠢ᠍ᠯᠡᠰ᠎ᠤᠨ ᠡᠯ᠎ᠡ ᠵᠦᠢ᠍ᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠬᠡᠷᠡᠭᠲᠡᠢ ᠭᠡᠵᠡᠢ᠃ ᠨᠢᠭᠡ᠎ᠳᠤ᠂ ᠴᠢᠬᠢ ᠮᠤᠳᠣᠨᠤ ᠡᠪᠦᠯ᠎ᠤᠨ ᠬᠠᠳᠠᠭ᠋ᠠᠯᠠᠯᠠᠲᠠ ᠵᠢ ᠰᠠᠶ᠋ᠢᠲᠤᠷ ᠠᠳᠬᠤᠵᠤ᠂ ᠡᠨᠡ ᠡᠪᠦᠯ ᠢᠷᠡᠬᠦ ᠬᠠᠪᠤᠷ᠎ᠤᠨ ᠣᠶ᠋ᠢᠵᠢᠭᠤᠯᠣᠯᠲᠠ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠰᠢᠵᠦ ᠴᠢᠳᠠᠨ᠎ᠠ᠃ ᠬᠣᠶᠠᠷ᠎ᠲᠤ᠂ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠲᠠᠢ ᠢᠳᠡᠪᠬᠢᠲᠡᠶ᠎ᠪᠠᠷ ᠬᠠᠮᠵᠢᠯᠠᠴᠠᠵᠣ᠂ ᠬᠤᠵᠢᠷᠯᠢᠬ ᠭᠠᠵᠠᠷ᠎ᠤᠨ ᠣᠶ᠋ᠢᠵᠢᠭᠤᠯᠣᠯᠲᠠ ᠵᠢᠨ ᠠᠵᠢᠯ᠎ᠢ ᠰᠠᠶ᠋ᠢᠲᠤᠷ ᠬᠢᠨ᠎ᠡ; ᠭᠤᠷᠪᠠ᠎ᠳᠤ᠂ ᠪᠦᠬᠦ ᠰᠢᠶᠠᠨ᠎ᠤ ᠴᠢᠬᠤᠯᠠ ᠭᠠᠵᠠᠷ ᠤᠷᠤᠨ᠂ ᠣᠷᠣᠨ ᠲᠣᠭᠣᠷᠢᠭ᠂ ᠠᠶ᠋ᠢᠯ ᠲᠣᠰᠬᠣᠨ᠂ ᠨᠡᠪᠲᠡᠷᠡᠬᠦ ᠵᠠᠮ᠎ᠳᠤ ᠨᠣᠭᠣᠭ᠋ᠠᠷᠠᠭᠤᠯᠤᠯᠲᠠ ᠬᠢᠬᠦ ᠪᠤᠶᠤ ᠲᠡᠰ ᠳᠡᠪᠰᠢᠭᠦᠯᠬᠦ ᠠᠵᠢᠯ᠎ᠢ ᠰᠠᠢ᠌ᠳᠣᠷ ᠬᠢᠨ᠎ᠡ; ᠲᠦᠷᠪᠡ᠎ᠳᠤ᠂ ᠪᠦᠬᠦ ᠠᠶ᠋ᠢᠯ ᠲᠣᠰᠬᠣᠨ᠎ᠤ ᠨᠡᠪᠲᠡᠷᠡᠬᠦ ᠵᠠᠮ᠎ᠤᠨ ᠨᠣᠭᠣᠭ᠋ᠠᠷᠠᠭᠤᠯᠤᠯᠲᠠ ᠵᠢᠨ ᠠᠵᠢᠯ᠎ᠢ ᠦᠨᠡᠨᠬᠦ ᠰᠠᠶ᠋ᠢᠲᠤᠷ ᠠᠳᠬᠤᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠶ᠋ᠢᠬᠤ ᠣᠶ᠋ᠢᠵᠢᠭᠤᠯᠣᠯᠲᠠ ᠵᠢᠨ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠣᠨ᠎ᠠ; ᠲᠠᠪᠤ᠎ᠳᠤ᠂ ᠢᠨᠵᠸᠨᠸᠷᠢᠩ᠎ᠤᠨ ᠲᠦᠰᠦᠪ᠎ᠢ ᠡᠮᠬᠢᠯᠡᠨ ᠨᠡᠶ᠋ᠢᠯᠡᠭᠦᠯᠵᠦ᠂ ᠲᠠᠷᠢᠶᠠᠨ ᠭᠠᠵᠠᠷ᠎ᠤᠨ ᠬᠠᠯᠬᠠᠪᠴᠢ᠂ ᠤᠢ ᠰᠢᠭᠤᠢ ᠵᠢᠨ ᠲᠣᠣᠷ᠎ᠢ ᠪᠦᠲᠦᠭᠡᠨ ᠪᠠᠶ᠋ᠢᠭᠤᠯᠤᠨ᠎ᠠ; ᠵᠢᠷᠭᠤᠭ᠎ᠠ᠎ᠳᠤ᠂ ᠤᠢ ᠮᠣᠳᠣ ᠵᠢ ᠬᠠᠮᠢᠶᠠᠷᠴᠤ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠵᠤ᠂ ᠪᠢᠳᠡᠨ᠎ᠤ ᠮᠣᠳᠣ ᠲᠠᠷᠢᠵᠤ ᠤᠢ᠌ᠢ᠍ᠵᠢᠭᠤᠯᠤᠭᠰᠠᠨ ᠦᠷ᠎ᠡ ᠳ᠋ᠦ᠍ᠩ ᠵᠶ᠋ᠠᠨ ᠬᠠᠮᠠᠭ᠋ᠠᠯᠠᠨ᠎ᠠ᠃ ᠡᠭᠦᠨ᠎ᠤ ᠬᠠᠮᠲᠤ ᠵᠢᠭ᠋ᠠᠵᠤ ᠭᠠᠷᠭ᠋ᠠᠭᠰᠠᠨ᠎ᠨᠢ᠂ ᠤᠢ ᠰᠢᠭᠤᠶ ᠵᠢᠨ ᠠᠵᠢᠯ᠎ᠨᠢ ᠤᠳᠤ ᠨᠢᠭᠡᠨᠲᠡ ᠨᠢᠭᠡᠨ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠵᠤ᠂ ᠡᠯ᠎ᠡ ᠰᠤᠮᠤ ᠪᠠᠯᠭ᠋ᠠᠰᠤ᠂ ᠡᠯ᠎ᠡ ᠰᠠᠯᠠᠭ᠎ᠠ ᠮᠥᠴᠢᠷ᠎ᠤᠨ᠎ᠬᠢᠨ᠎ᠠᠴᠠ ᠡᠷᠬᠡᠪᠰᠢ ᠴᠢᠩᠭ᠎ᠠ ᠠᠳᠬᠤᠨ᠂ ᠴᠢᠩᠭ᠎ᠠ ᠪᠠᠷᠢᠵᠤ᠂ ᠦᠷ᠎ᠡ ᠪᠦᠲᠦᠮᠵᠢ ᠭᠠᠷᠭ᠋ᠠᠵᠤ᠂ ᠤᠢ ᠰᠢᠭᠤᠶ ᠵᠢᠨ ᠦᠢ᠍ᠯᠡᠰ᠎ᠤᠨ ᠠᠵᠢᠯ᠎ᠢ ᠰᠠᠢ᠌ᠨ ᠲᠣᠬᠢᠷᠠᠭᠤᠯᠤᠨ᠂ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠠᠶ᠋ᠢᠲᠤᠷ ᠪᠡᠶᠡᠯᠡᠭᠦᠯᠬᠦ ᠬᠡᠷᠡᠭᠲᠡᠶ ᠭᠡᠵᠡᠢ᠃