2018 ᠤᠨ᠎ᠤ 12 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠰᠢᠯᠭ᠋ᠠᠨ ᠬᠤᠷᠢᠶᠠᠬᠤ ᠳᠤᠭᠤᠶ᠋ᠢᠯᠠᠩ ᠠᠴᠠ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ᠎ᠤᠨ ᠲᠤᠬᠠᠶ ᠵᠢᠨ ᠭᠠᠵᠠᠷ᠎ᠲᠤᠨᠢ ᠬᠢᠨᠠᠯᠲᠠ ᠲᠠᠯᠪᠢᠵᠤ ᠰᠢᠯᠭ᠋ᠠᠨ ᠠᠪᠤᠪᠠ᠃
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠠᠴᠠ ᠤᠳᠤᠷᠢᠳᠬᠤ ᠳᠤᠭᠤᠶ᠋ᠢᠯᠠᠩ᠎ᠢ ᠪᠠᠢ᠌ᠭᠤᠯᠵᠤ᠂ ᠠᠵᠢᠯ᠎ᠤᠨ ᠲᠥᠰᠦᠯ ᠲᠣᠭᠲᠠᠭ᠋ᠠᠵᠤ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠢ ᠳᠡᠭᠡᠭᠰᠢ ᠮᠡᠳᠡᠭᠦᠯᠦᠨ᠂ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ 《ᠲᠠᠪᠤ ᠵᠢ ᠲᠣᠭᠲᠠᠭ᠋ᠠᠬᠤ》 ᠲᠥᠰᠦᠯ᠎ᠢ ᠨᠠᠶ᠋ᠢᠷᠠᠭᠤᠯᠤᠨ ᠲᠣᠭᠲᠠᠭ᠋ᠠᠬᠤ ᠠᠵᠢᠯ᠎ᠢ ᠡᠬᠢᠯᠡᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠣᠭᠲᠠᠴᠠ᠂ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠨ ᠪᠣᠶ᠋ᠢᠵᠢᠭᠤᠯᠵᠤ᠂ ᠵᠠᠰᠠᠭ ᠪᠠ ᠠᠵᠢᠯ ᠦᠢ᠍ᠯᠡᠰ᠎ᠢ ᠰᠠᠯᠭ᠋ᠠᠡ᠂ ᠠᠵᠢᠯ ᠦᠢ᠍ᠯᠡᠰ ᠪᠠ ᠠᠵᠤ ᠠᠬᠤᠶ᠋ᠢᠯᠠᠯ᠎ᠢ ᠰᠠᠯᠭ᠋ᠠᠵᠤ᠂ ᠠᠵᠢᠯᠳᠠᠨ᠎ᠤ ᠪᠠᠲᠤᠯᠠᠭ᠎ᠠ ᠵᠢ ᠲᠥᠪᠬᠢᠨᠡᠭᠦᠯᠦᠨ᠂ ᠰᠠᠭᠤᠷᠢ ᠲᠥᠬᠥᠭᠡᠷᠦᠮᠵᠢ ᠵᠢᠨ ᠪᠦ᠍ᠲᠦᠭᠡᠨ ᠪᠠᠶ᠋ᠢᠭᠤᠯᠤᠯᠲᠠ᠂ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠳᠡᠮᠵᠢᠯᠭᠡ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ᠂ ᠺᠠᠳ᠋ᠷ ᠠᠵᠢᠯᠳᠠᠨ ᠠᠵᠢᠯᠴᠢᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠵᠡᠷᠭᠡ ᠲᠠᠯ᠎ᠠ ᠵᠢᠨ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠥᠮᠴᠢᠯᠡᠯ᠎ᠤᠨ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠶᠡᠷᠦᠩᠬᠡᠢ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠪᠡ᠃ ᠡᠯ᠎ᠡ ᠤᠢ ᠰᠢᠭᠤᠢ ᠵᠢᠨ ᠲᠠᠯᠠᠪᠠᠢ ᠵᠢᠨ ᠬᠠᠷᠢᠭᠤᠴᠠᠯᠭ᠋ᠠᠲᠠᠨ᠎ᠨᠢ ᠲᠤᠬᠠᠶ ᠵᠢᠨ ᠣᠷᠣᠨ᠎ᠤ ᠥᠭᠡᠷᠡᠴᠢᠯᠡᠯᠲᠡ ᠵᠢᠨ ᠪᠣᠳᠠᠲᠤ ᠪᠠᠶ᠋ᠢᠳᠠᠯ᠂ ᠲᠣᠰ ᠭᠠᠵᠠᠷ ᠣᠷᠣᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠤᠨ ᠲᠤᠬᠠᠢ ᠲᠤᠰ ᠲᠤᠰ᠎ᠲᠠᠭᠠᠨ ᠬᠠᠷᠢᠭᠤ ᠮᠡᠳᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠠᠪᠬᠤ ᠵᠢ ᠳᠤᠭᠤᠶ᠋ᠢᠯᠠᠩ᠎ᠠᠴᠠ ᠬᠠᠷᠢᠭᠤ ᠮᠡᠳᠡᠭᠦᠯᠦᠯᠲᠡ ᠵᠢ ᠰᠣᠨᠣᠰᠬᠤ ᠪᠠ ᠬᠢᠨᠠᠨ ᠰᠢᠯᠭ᠋ᠠᠵᠤ ᠭᠡᠷᠡᠴᠢᠯᠡᠬᠦ ᠮᠠᠲ᠋ᠧᠷᠢᠶᠠᠯ᠎ᠢ ᠪᠠᠶ᠋ᠢᠴᠠᠭ᠋ᠠᠨ ᠰᠢᠯᠭ᠋ᠠᠭᠰᠠᠨᠤ ᠳᠠᠷᠠᠭ᠎ᠠ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠤᠨ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠭᠰᠠᠨ ᠪᠥᠭᠡᠳ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢ ᠰᠠᠶ᠋ᠢᠲᠤᠷ ᠬᠢᠵᠦ᠂ ᠳᠠᠷᠠᠭ᠋ᠠᠬᠢ ᠱᠠᠲᠤᠨ᠎ᠤ ᠠᠵᠢᠯ᠎ᠳᠤ ᠤᠯᠠᠮ ᠨᠢᠭᠡ ᠠᠯᠬᠤᠮ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠄ ᠨᠢᠭᠡ᠎ᠳᠤ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠭᠡᠷᠡᠴᠢ ᠮᠠᠲ᠋ᠧᠷᠢᠶᠠᠯ ᠴᠤᠭᠯᠠᠭᠤᠯᠬᠤ ᠠᠵᠢᠯ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ; ᠬᠣᠶᠠᠷ᠎ᠲᠤ᠂ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠤᠢ ᠰᠢᠭᠤᠶ ᠵᠢᠨ ᠡᠬᠢ ᠪᠠᠶᠠᠯᠢᠭ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠠᠴᠠ ᠬᠢᠨᠠᠨ ᠰᠢᠯᠭ᠋ᠠᠬᠤ ᠳᠤᠭᠤᠶ᠋ᠢᠯᠠᠩ᠎ᠤᠨ ᠤᠳᠤᠷᠢᠳᠤᠯᠭ᠎ᠠ ᠵᠢᠨ ᠳᠤᠷᠠᠳᠤᠭᠰᠠᠨ ᠰᠠᠨᠠᠭᠤᠯᠭ᠎ᠠ ᠪᠠ ᠰᠠᠨᠠᠯ᠎ᠢ ᠨᠠᠷᠢᠨ ᠬᠢᠨᠠᠮᠠᠭ᠋ᠠᠢ ᠰᠣᠨᠣᠰᠴᠤ᠂ ᠪᠠᠷᠢᠨ ᠬᠡᠷᠡᠭᠵᠢᠭᠦᠯᠵᠦ ᠪᠠᠷᠢᠨ ᠰᠠᠶ᠋ᠢᠵᠢᠷᠠᠭᠤᠯᠵᠤ᠂ ᠬᠣᠯᠪᠣᠭᠳᠠᠯ ᠪᠦᠬᠦᠢ ᠠᠵᠢᠯ᠎ᠢ ᠲᠡᠭᠦᠯᠳᠡᠷᠵᠢᠭᠦᠯᠵᠦ᠂ ᠴᠡᠭᠴᠡᠯᠡᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠵᠦ᠂ ᠣᠷᠣᠨ᠂ ᠠᠶ᠋ᠢᠮᠠᠭ᠎ᠲᠤ ᠬᠠᠨᠤᠮᠵᠢᠲᠠᠢ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃
