ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ᠎ᠠᠴᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠣᠵᠣ᠂ ᠲᠤᠰᠢᠶᠠᠯ᠎ᠤᠨ ᠬᠠᠷᠢᠭᠤ ᠮᠡᠳᠡᠭᠦᠯᠦᠯᠲᠡ ᠵᠢᠨ ᠵᠦᠪᠯᠡᠬᠥ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-12-21

     12 ᠰᠠᠷ᠎ᠠ ᠵᠢᠨ 13᠎ᠤ ᠡᠳᠦᠷ᠂ ᠬᠥᠯᠥᠨ ᠪᠣᠶ᠋ᠢᠷ ᠬᠣᠲᠠ ᠵᠢᠨ ᠠᠷᠤᠨ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ ᠎ᠠᠴᠠ 2018 ᠣᠨ᠎ᠤ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠲᠤᠰᠢᠶᠠᠯ᠎ᠤᠨ ᠬᠠᠷᠢᠭᠤ ᠮᠡᠳᠡᠭᠦᠯᠦᠯᠲᠡ ᠵᠢᠨ ᠵᠦᠪᠯᠡᠬᠥ ᠬᠤᠷᠠᠯ ᠬᠤᠷᠠᠯᠳᠤᠭᠤᠯᠪᠠ᠃ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠭᠡᠰᠢᠭᠦᠨ᠂ ᠡᠯ᠎ᠡ ᠤᠢ ᠰᠢᠭᠤᠢ ᠵᠢᠨ ᠲᠠᠯᠠᠪᠠᠢ ᠵᠢᠨ ᠭᠣᠣᠯ ᠬᠠᠷᠢᠭᠤᠴᠠᠯᠭ᠋ᠠᠲᠠᠨ᠂ ᠡᠯ᠎ᠡ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠱᠦᠵᠢ᠂ ᠨᠠᠮ᠎ᠤᠨ ᠠᠵᠢᠯᠳᠠᠨ ᠵᠢᠴᠢ ᠨᠠᠮ᠎ᠤᠨ ᠬᠣᠷᠢᠶᠠᠨ᠎ᠤ ᠠᠯᠪᠠᠨ ᠭᠡᠷ᠎ᠤᠨ ᠪᠦᠬᠦ ᠬᠥᠮᠦᠰ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ ᠵᠠᠩ ᠵᠧᠨ ᠭᠦᠸᠸ ᠵᠢᠴᠢ ᠲᠡᠭᠦᠨ᠎ᠤ ᠬᠠᠷᠢᠶ᠎ᠠ᠎ᠳᠠᠬᠢ 11 ᠨᠠᠮ᠎ᠤᠨ ᠡᠭᠦᠷ᠎ᠤᠨ ᠱᠦᠵᠢ᠎ᠨᠢ ᠲᠤᠰ ᠲᠤᠰ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠡᠭᠦᠷᠭᠡ ᠲᠤᠰᠢᠶᠠᠯ ᠵᠶ᠋ᠠᠨ ᠭᠦᠢᠴᠡᠳᠬᠡᠭᠰᠡᠨ ᠠᠵᠢᠯ᠎ᠤᠨ ᠪᠠᠶ᠋ᠢᠳᠠᠯ᠂ ᠨᠠᠮ᠎ᠤᠨ ᠡᠭᠦᠷ᠎ᠤᠨ ᠠᠵᠢᠯ᠎ᠤᠨ ᠶᠡᠷᠦᠩᠬᠡᠢ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠴᠡᠭᠴᠡᠯᠡᠨ ᠰᠠᠶ᠋ᠢᠵᠢᠷᠠᠭᠤᠯᠣᠭᠰᠠᠨ ᠠᠷᠭ᠎ᠠ ᠬᠡᠮᠵᠢᠶ᠎ᠡ ᠪᠣᠯᠤᠨ ᠬᠣᠶ᠋ᠢᠰᠢᠳᠠ ᠵᠢᠨ ᠠᠵᠢᠯ᠎ᠤᠨ ᠴᠢᠭᠯᠡᠯ᠎ᠳᠤ ᠲᠤᠰᠢᠶᠠᠯ᠎ᠤᠨ ᠬᠠᠷᠢᠭᠤ ᠮᠡᠳᠡᠭᠦᠯᠦᠯᠲᠡ ᠬᠢᠪᠡ᠃ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠤᠨ ᠵᠥᠪᠯᠡᠯ᠎ᠤᠨ ᠱᠦᠵᠢ ᠱᠠᠩ ᡁᠢ ᠵᠢᠶᠦ᠋ᠨ ᠲᠣᠰ ᠤᠳᠠᠭ᠋ᠠᠨ᠎ᠤ ᠲᠤᠰᠢᠶᠠᠯ᠎ᠤᠨ ᠮᠡᠳᠡᠭᠦᠯᠦᠯᠲᠡ ᠵᠢᠨ ᠬᠤᠷᠠᠯ ᠵᠢᠴᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠣᠭᠰᠠᠨ ᠠᠵᠢᠯ᠎ᠤᠨ ᠪᠠᠶ᠋ᠢᠳᠠᠯ᠎ᠳᠤ ᠦᠨᠡᠯᠡᠯᠲᠡ ᠬᠢᠪᠡ᠃
      ᠲᠡᠷᠡᠭ᠎ᠠ᠎ᠳᠤᠨᠢ᠂ ᠵᠠᠩ ᠵᠧᠨ ᠭᠦᠸᠸ᠎ᠠᠴᠠ ᠡᠨᠡ ᠵᠢᠯ᠎ᠤᠨ ᠤᠢ ᠰᠢᠭᠤᠶ ᠵᠢᠨ ᠲᠣᠪᠴᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠶᠠᠷᠢᠶ᠎ᠠ ᠲᠠᠯᠪᠢᠪᠠ᠃ ᠲᠡᠭᠦᠨ᠎ᠠᠴᠠ ᠳᠤᠷᠠᠳᠤᠭᠰᠠᠨ᠎ᠨᠢ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠵᠦ᠂ ᠡᠨᠡ᠎ᠨᠢ ᠨᠢᠭᠡᠨ ᠦᠨᠳᠦᠰᠦᠨ ᠠᠵᠢᠯ ᠵᠶ᠋ᠠᠷ ᠪᠠᠷᠠᠬᠣ ᠦᠭᠡᠢ᠂ ᠨᠡᠩ ᠴᠤ᠌ ᠨᠢᠭᠡ ᠵᠦᠢ᠍ᠯ᠎ᠤᠨ ᠤᠯᠤᠰ ᠲᠥᠷᠥ ᠵᠢᠨ ᠡᠭᠦᠷᠭᠡ ᠮᠦᠨ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠤᠨ ᠱᠠᠭ᠋ᠠᠷᠳᠠᠯᠭ᠎ᠠ ᠶᠣᠰᠣᠭ᠋ᠠᠷ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ ᠵᠢ ᠳᠥᠯᠭᠢᠨ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠴᠠᠭ ᠢᠮᠠᠭᠲᠠ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠢᠮᠠᠭᠲᠠ ᠰᠡᠳᠬᠢᠯ᠎ᠳᠡᠭᠡᠨ ᠪᠤᠳᠤᠵᠤ᠂ ᠭᠠᠷ᠎ᠲᠠᠭᠠᠨ ᠠᠳᠬᠤᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠢᠭᠲᠠᠷᠠᠯ᠎ᠤᠨ ᠬᠦᠴᠦᠨ᠂ ᠳᠠᠢ᠌ᠴᠢᠨ ᠬᠦᠴᠦᠨ᠂ ᠤᠷᠢᠶᠠᠯᠠᠬᠤ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠤᠢ ᠰᠢᠭᠤᠶ ᠵᠢᠨ ᠰᠢᠰᠲᠸᠮ᠎ᠤᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠠᠳᠬᠤᠬᠤ᠎ᠳᠤ ᠵᠣᠷᠢᠭᠤᠯᠤᠨ᠂   ᠵᠠᠩ ᠵᠧᠨ ᠭᠦᠸᠸ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠣᠳᠣᠬᠢ ᠪᠠᠶ᠋ᠢᠳᠠᠯ᠎ᠢ ᠵᠥᠪ ᠲᠠᠨᠢᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠳᠬᠤᠬᠤ ᠲᠤᠬᠠᠶ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ᠎ᠨᠢ ᠨᠠᠮ ᠵᠶ᠋ᠠᠨ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠴᠢᠭᠯᠡᠯᠲᠡ ᠵᠢ ᠭᠦᠨᠵᠡᠭᠡᠢ᠌ᠷᠡᠭᠦᠯᠦᠨ᠎ᠡ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠪᠠᠶ᠋ᠢᠷᠢ ᠲᠣᠭᠲᠠᠭ᠋ᠠᠯᠲᠠ᠂ ᠦᠨᠳᠦᠰᠦᠨ ᠴᠢᠨᠠᠷ᠎ᠤᠨ ᠲᠠᠨᠢᠯᠲᠠ᠎ᠪᠠᠨ ᠭᠦᠨᠵᠡᠭᠡᠶ᠋ᠢᠷᠡᠭᠦᠯᠵᠦ  ᠂ ᠤᠯᠤᠰ ᠲᠦᠷᠦ ᠵᠢᠨ ᠡᠭᠦᠷᠭᠡ᠎ᠪᠠᠨ ᠡᠭᠦᠷᠭᠡᠯᠡᠵᠦ᠂ ᠤᠯᠤᠰ ᠲᠦᠷᠦ ᠵᠢᠨ ᠣᠨᠴᠠᠯᠢᠭ ᠰᠢᠨᠵᠢ ᠵᠢ ᠲᠤᠳᠣ ᠢᠯᠡᠷᠡᠭᠦᠯᠵᠦ᠂ ᠤᠯᠤᠰ ᠲᠦᠷᠦ ᠵᠢᠨ ᠴᠢᠳᠠᠮᠵᠢ᠎ᠪᠠᠨ ᠴᠢᠩᠭ᠋ᠠᠳᠬᠠᠨ᠎ᠠ; ᠪᠢᠳᠡ ᠡᠨᠡ ᠤᠳᠠᠭ᠋ᠠᠨ᠎ᠤ ᠲᠤᠰᠢᠶᠠᠯ᠎ᠤᠨ ᠮᠡᠳᠡᠭᠦᠯᠦᠯᠲᠡ ᠬᠢᠵᠦ᠂ ᠵᠦᠪᠯᠡᠨ ᠬᠢᠨᠠᠵᠤ ᠰᠢᠯᠭ᠋ᠠᠬᠣ᠎ᠪᠠᠷ ᠠᠨᠢᠰᠤ ᠪᠣᠯᠭ᠋ᠠᠨ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠯᠤᠰ ᠲᠦᠷᠦ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠠᠴᠠ 《ᠲᠤᠮᠤ ᠬᠡᠷᠡᠭ᠎ᠢ ᠬᠠᠮᠢᠶᠠᠷᠴᠣ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ》 ᠵᠠᠷᠴᠢᠮ᠎ᠢ ᠵᠢᠷᠤᠮᠯᠠᠨ᠎ᠠ᠃ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠷᠳᠤ ᠬᠤᠭᠤᠴᠠᠭ᠋ᠠᠨ᠎ᠤ ᠦᠷ᠎ᠡ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠳᠦᠷᠢᠮ᠎ᠳᠠᠬᠢ ᠰᠢᠯᠭ᠋ᠠᠯᠲᠠ ᠵᠢᠨ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠦᠷᠢᠮ ᠶᠣᠰᠣᠭ᠋ᠠᠷ ᠡᠯ᠎ᠡ ᠵᠦᠢ᠍ᠯ᠎ᠤᠨ ᠠᠵᠢᠯ᠎ᠤᠨ ᠭᠣᠭᠴᠣᠭ᠎ᠠ ᠨᠢᠭᠡᠪᠦᠷᠢ᠎ᠳᠤ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠵᠢᠩᠬᠢᠨᠢ᠎ᠪᠠᠷ ᠪᠠᠲᠤᠯᠠᠨ᠎ᠠ; ᠭᠣᠣᠯ ᠠᠵᠢᠯ ᠪᠣᠯᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠴᠠᠭ᠎ᠠ ᠵᠢ ᠵᠥᠪ ᠰᠠᠢ᠌ᠨ ᠰᠢᠢᠳᠪᠦᠷᠢᠯᠡᠵᠦ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠠ ᠭᠣᠣᠯ ᠠᠵᠢᠯ᠎ᠢ ᠬᠠᠮᠲᠤ᠎ᠳᠤᠨᠢ ᠤᠬᠠᠭ᠋ᠠᠯᠠᠨ ᠲᠥᠯᠥᠪᠯᠡᠵᠦ᠂ ᠬᠠᠮᠲᠤ᠎ᠳᠤᠨᠢ ᠪᠠᠶ᠋ᠢᠷᠢᠯᠠᠭᠤᠯᠵᠤ᠂ ᠬᠠᠮᠲᠤ᠎ᠳᠤᠨᠢ ᠲᠦᠯᠬᠢᠨ ᠠᠬᠢᠭᠤᠯᠵᠤ᠂ 《ᠨᠢᠭᠡ ᠲᠠᠯ᠎ᠠ ᠵᠢ ᠴᠢᠩᠭ᠎ᠠ ᠠᠳᠬᠤᠵᠤ᠂ ᠨᠢᠭᠡ ᠲᠠᠯ᠎ᠠ ᠵᠢ ᠰᠤᠯᠠ ᠲᠠᠯᠪᠢᠬᠤ》᠎ᠠᠴᠠ ᠰᠡᠷᠭᠡᠢ᠌ᠯᠡᠨ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠳᠤ ᠴᠡᠭᠡᠵᠢᠨ᠎ᠳᠤ᠎ᠪᠠᠨ ᠶᠡᠬᠡ ᠲᠠᠯ᠎ᠠ᠎ᠲᠠᠢ᠂ ᠠᠵᠢᠯ᠎ᠳᠤ᠎ᠪᠠᠨ ᠬᠠᠷᠠᠯᠲᠠ᠎ᠲᠠᠢ᠂ ᠦᠢ᠍ᠯᠡ ᠠᠵᠢᠯᠯᠠᠭ᠎ᠠ᠎ᠳᠤ᠎ᠪᠠᠨ ᠴᠢᠭᠯᠡᠯ᠎ᠲᠠᠢ ᠪᠠᠢ᠌ᠬᠤ ᠵᠢ ᠬᠢᠵᠦ ᠴᠢᠳᠠᠨ᠎ᠠ ᠭᠡᠵᠡᠢ᠃  
      ᠵᠠᠩ ᠵᠧᠨ ᠭᠦᠸᠸ᠎ᠠᠴᠠ ᠱᠠᠭ᠋ᠠᠷᠳᠠᠭᠰᠠᠨ᠎ᠨᠢ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠬᠤ᠎ᠨᠢ ᠪᠦᠬᠦ ᠲᠠᠯ᠎ᠠ᠎ᠳᠤ ᠬᠣᠯᠪᠣᠭᠳᠠᠵᠤ᠂ ᠠᠯᠤᠰ ᠬᠡᠳᠦ᠎ᠳᠤ ᠬᠣᠯᠪᠣᠭᠳᠠᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠠᠴᠠ ᠤᠯᠤᠰ ᠲᠦᠷᠦ ᠵᠢᠨ ᠤᠬᠠᠮᠰᠠᠷ᠂ ᠬᠠᠷᠢᠭᠤᠴᠠᠯᠭ᠎ᠠ ᠵᠢᠨ ᠤᠬᠠᠮᠰᠠᠷ ᠪᠣᠯᠤᠨ ᠶᠡᠬᠡ ᠲᠠᠯ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠬᠣ ᠵᠢ ᠬᠦᠰᠡᠵᠦ᠂ ᠨᠡᠩ ᠪᠦᠲᠦᠮᠵᠢ ᠰᠠᠶ᠋ᠢᠲᠠᠶ ᠠᠷᠭ᠎ᠠ ᠬᠡᠮᠵᠢᠶ᠎ᠡ ᠪᠤᠯᠤᠨ ᠨᠡᠩ ᠯᠠᠪᠳᠠᠭᠤᠨ ᠪᠠᠲᠤᠲᠠᠢ ᠰᠤᠷᠲᠠᠯ ᠵᠶ᠋ᠡᠷ ᠤᠢ ᠰᠢᠭᠤᠶ ᠵᠢᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠂ ᠤᠢ ᠰᠢᠭᠤᠶ ᠵᠢᠨ ᠦᠢ᠍ᠯᠡᠰ᠎ᠤᠨ ᠡᠯ᠎ᠡ ᠵᠦᠢ᠍ᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠨ ᠦᠭᠴᠡᠢ ᠭᠡᠵᠡᠢ᠃





ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠣᠷᠣᠨ᠎ᠤ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠥᠯᠥᠨ ᠪᠤᠢ᠌ᠷ ᠬᠤᠳᠠ᠎ᠶᠢᠨ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠬᠦᠷᠴᠤ᠂ ᠨᠤᠲᠤᠭ ᠪᠡᠯᠴᠢᠭᠡᠷ᠎ᠢ ᠬᠦᠷᠢᠶᠡᠯᠡᠨ ᠬᠠᠮᠠᠭ᠋ᠠᠯᠠᠬᠤ ᠬᠦᠷᠢᠶ᠎ᠡ ᠬᠡᠷᠡᠰᠭᠡ ᠵᠢᠨ ᠪᠥᠲᠥᠭᠡᠨ ᠪᠠᠶ᠋ᠢᠭᠤᠯᠤᠯᠲᠠ ᠵᠢ ᠵᠢᠭ᠋ᠠᠨ ᠵᠢᠯᠤᠭᠤᠳᠴᠤ᠂ ᠵᠡᠭᠡᠷ᠎ᠡ ᠵᠡᠷᠭᠡ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠪᠠ
ᠬᠦᠯᠤᠨ ᠪᠤᠶ᠋ᠢᠷ ᠬᠤᠳᠡ 20 ᠲᠦᠮᠡᠨ ᠮᠦ᠍ ᠲᠠᠷᠢᠶᠠᠨ ᠭᠠᠵᠠᠷ᠎ᠢ ᠠᠳᠠᠷᠰᠢᠭᠤᠯᠤᠨ ᠡᠪᠡᠰᠤ ᠮᠤᠳᠤ ᠲᠠᠷᠢᠬᠤ᠎ᠪᠠᠷ ᠪᠤᠢ
ᠦᠬᠠᠶ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠭᠴᠢ᠎ᠳᠤ ᠢᠷᠠᠭᠤ ᠠᠯᠳᠠᠷ᠎ᠤᠨ ᠲᠤᠭ ᠭᠠᠷᠳᠠᠭᠤᠯᠪᠠ
ᠬᠦᠬᠡᠬᠤᠲᠠ ᠬᠠᠲᠤᠨ ᠭᠤᠤᠯ᠎ᠤᠨ ᠶᠡᠭᠡ ᠬᠠᠪᠴᠢᠯ᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠨᠠᠷᠠᠲᠤ ᠲᠡᠮᠳᠡᠭ᠎ᠤᠨ ᠵᠠᠮ ᠱᠤᠭᠤᠮ᠎ᠢ ᠬᠦᠴᠦᠯᠡᠨ ᠪᠠᠶ᠋ᠢᠭᠤᠯᠵᠤ ᠪᠣᠢ
ᠪᠡᠭᠡᠵᠢᠩ ᠲᠢᠶᠠᠨᠵᠢᠨ᠎ᠠᠴᠠ ᠬᠠᠮᠤᠭ᠎ᠤᠨ ᠤᠶ᠋ᠢᠷ᠎ᠠ 《ᠶᠡᠭᠡ ᠡᠯᠡᠰᠤᠨ ᠬᠤᠲᠣᠭᠤᠷ》᠎ᠤᠨ ᠡᠷᠬᠢᠯᠲᠡ ᠬᠤᠪᠢᠷᠠᠯᠲᠠ
 
             蒙ICP备05000248号