ᠤᠯᠤᠰ᠎ᠤᠨ ᠤᠢ ᠰᠢᠭᠤᠶ ᠵᠢᠨ ᠭᠠᠯ ᠰᠡᠷᠬᠡᠢ᠌ᠯᠡᠬᠦ ᠵᠢ ᠵᠢᠯᠣᠭᠣᠳᠬᠤ ᠭᠠᠵᠠᠷ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠤᠳᠤᠷᠢᠳᠬᠤ ᠨᠦᠬᠦᠷ᠎ᠤᠨ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠦᠳᠲᠡᠷ ᠲᠦᠷᠭᠡᠨ ᠨᠠᠢ᠌ᠳᠠᠪᠤᠷᠢᠵᠢᠭᠤᠯᠵᠦ᠂ ᠪᠦᠬᠦ ᠬᠦᠴᠦᠨ ᠵᠶ᠋ᠡᠷ ᠵᠶ᠋ᠡᠨ ᠤᠢ ᠰᠢᠭᠤᠢ ᠵᠢᠨ ᠲᠤᠢ᠌ᠮᠠᠷ᠎ᠢ ᠤᠨᠳᠠᠷᠠᠭ᠋ᠠᠪᠠ
4᠎ᠤ ᠡᠳᠦᠷ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠤᠳᠤᠷᠢᠳᠬᠤ ᠨᠦᠬᠦᠷ᠎ᠤᠨ ᠴᠢᠬᠤᠯᠠ ᠴᠣᠬᠣᠯᠠᠪᠤᠷᠢ ᠵᠢ ᠬᠦᠯᠢᠶᠠᠨ ᠠᠪᠤᠭᠰᠠᠨ᠎ᠤ ᠳᠠᠷᠠᠭ᠎ᠠ᠂ ᠤᠯᠤᠰ᠎ᠤᠨ ᠤᠢ ᠰᠢᠭᠤᠢ ᠵᠢᠨ ᠭᠠᠯ ᠰᠡᠷᠬᠡᠢ᠌ᠯᠡᠬᠦ ᠵᠢ ᠵᠢᠯᠤᠭᠤᠳᠬᠤ ᠭᠠᠵᠠᠷ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠳᠣᠣᠷᠠᠬᠢ ᠠᠷᠭ᠎ᠠ ᠬᠡᠮᠵᠢᠶ᠎ᠡ ᠵᠢ ᠠᠪᠴᠤ᠂ ᠤᠢ ᠰᠢᠭᠤᠶ ᠵᠢᠨ ᠲᠤᠢ᠌ᠮᠠᠷ᠎ᠢ ᠪᠦᠬᠦ ᠬᠦᠴᠦᠨ ᠵᠶ᠋ᠠᠷ ᠵᠶ᠋ᠠᠨ ᠤᠨᠳᠠᠷᠭ᠋ᠠᠵᠠᠢ᠃ ᠨᠢᠭᠡ᠎ᠳᠤ᠂ 《ᠤᠯᠤᠰ᠎ᠤᠨ ᠤᠢ ᠰᠢᠭᠤᠶ ᠵᠢᠨ ᠭᠠᠯ ᠰᠡᠷᠬᠡᠢ᠌ᠯᠡᠬᠦ ᠵᠢ ᠵᠢᠯᠣᠭᠣᠳᠬᠤ ᠭᠠᠵᠠᠷ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠤᠳᠤᠷᠢᠳᠬᠤ ᠨᠦᠬᠦᠷ᠎ᠤᠨ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠤᠱᠯᠠᠭᠤᠯᠤᠨ ᠨᠠᠢ᠌ᠳᠠᠪᠤᠷᠢᠵᠢᠭᠤᠯᠬᠤ ᠤᠢ ᠰᠢᠭᠤᠶ ᠵᠢᠨ ᠲᠤᠢ᠌ᠮᠠᠷ᠎ᠢ ᠤᠨᠳᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠪᠠᠴᠢᠮ ᠮᠡᠳᠡᠭᠳᠡᠯ》᠎ᠢ ᠪᠠᠭᠤᠯᠭ᠋ᠠᠭᠰᠠᠨ ᠪᠠᠶ᠋ᠢᠨ᠎ᠠ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠤᠳᠤᠷᠢᠳᠬᠤ ᠨᠦᠬᠦᠷ᠎ᠤᠨ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠬᠠᠷᠠᠮᠥ᠋ᠷᠡᠨ ᠮᠤᠵᠢ ᠵᠢᠨ ᠤᠢ ᠰᠢᠭᠤᠶ ᠵᠢᠨ ᠭᠠᠯ ᠰᠡᠷᠭᠡᠶ᠋ᠢᠯᠡᠬᠦ ᠵᠢ ᠵᠢᠯᠣᠭᠣᠳᠬᠤ ᠭᠠᠵᠠᠷ ᠪᠣᠯᠤᠨ ᠭᠠᠯ ᠤᠨᠲᠠᠷᠠᠭ᠋ᠠᠬᠤ ᠡᠮᠦᠨ᠎ᠡ ᠹᠷᠤᠨᠲ᠎ᠤᠨ ᠵᠠᠬᠢᠷᠤᠯ᠎ᠳᠤ ᠪᠤᠰᠢᠭᠤ ᠤᠯᠠᠮᠵᠢᠯᠠᠵᠦ᠂ ᠨᠠᠷᠢᠨ ᠬᠢᠨᠠᠮᠠᠭ᠋ᠠᠶ ᠰᠤᠷᠤᠯᠴᠠᠨ ᠤᠢ᠌ᠯᠠᠭ᠋ᠠᠬᠤ ᠵᠢ ᠱᠠᠭ᠋ᠠᠷᠳᠠᠨ᠂ ᠭᠠᠯ ᠤᠨᠳᠠᠷᠠᠭ᠋ᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠤ ᠭᠠᠵᠠᠷ᠎ᠲᠤᠨᠢ ᠦᠨᠡᠨᠬᠦ ᠨᠠᠢ᠌ᠳᠠᠪᠤᠷᠢᠵᠢᠭᠤᠯᠪᠠ᠃ ᠬᠣᠶᠠᠷ᠎ᠲᠤ᠂ ᠲᠤᠢ᠌ᠮᠠᠷ᠎ᠤᠨ ᠦᠷᠬᠡᠳᠬᠦ ᠪᠠᠶ᠋ᠢᠳᠠᠯ᠎ᠢ ᠦᠨᠳᠦᠰᠦᠯᠡᠨ᠂ ᠤᠯᠤᠰ᠎ᠤᠨ ᠤᠢ ᠰᠢᠭᠤᠶ ᠵᠢᠨ ᠭᠠᠯ ᠲᠤᠢ᠌ᠮᠠᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠳᠡᠰ᠎ᠢ Ⅲ ᠳᠡᠰ᠎ᠠᠴᠠ Ⅱ ᠳᠡᠰ ᠬᠦᠷᠲᠡᠯ᠎ᠡ ᠲᠡᠭᠡᠭᠰᠢᠯᠡᠬᠦᠯᠵᠦ᠂ ᠤᠯᠤᠰ᠎ᠤᠨ ᠤᠢ ᠰᠢᠭᠤᠶ ᠵᠢᠨ ᠭᠠᠯ ᠰᠡᠷᠭᠡᠶ᠋ᠢᠯᠡᠬᠦ ᠵᠢ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠤᠭᠤᠳᠤᠭᠴᠢ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠡᠳ᠋ ᠲᠣᠪᠴᠢᠶᠠᠨ ᠳᠠᠷᠤᠭ᠎ᠠ ᠯᠢ ᠱᠤ᠌ ᠮᠢᠩ ᠠᠵᠢᠯᠯᠠᠬᠤ ᠳᠤᠭᠤᠶ᠋ᠢᠯᠠᠩ᠎ᠢ ᠳᠠᠭ᠋ᠠᠭᠤᠯᠤᠨ ᠲᠤᠢ᠌ᠮᠠᠷ ᠭᠠᠷᠤᠭᠰᠠᠨ ᠭᠠᠵᠠᠷ᠎ᠲᠤ ᠬᠦᠷᠴᠤ ᠲᠤᠢ᠌ᠮᠠᠷ ᠤᠨᠳᠠᠷᠠᠭ᠋ᠠᠬᠤ ᠠᠵᠢᠯ᠎ᠢ ᠵᠣᠬᠢᠴᠠᠭᠤᠯᠤᠨ ᠵᠢᠯᠤᠭᠤᠳᠪᠠ; ᠭᠤᠷᠪᠠ᠎ᠳᠤ᠂ ᠤᠯᠤᠰ᠎ᠤᠨ ᠤᠢ ᠰᠢᠭᠤᠶ ᠵᠢᠨ ᠭᠠᠯ ᠰᠡᠷᠭᠡᠶ᠋ᠢᠯᠡᠬᠦ ᠵᠢ ᠵᠢᠯᠣᠭᠣᠳᠬᠤ ᠭᠠᠵᠠᠷ᠎ᠤᠨ ᠲᠤᠰᠬᠠᠶ ᠲᠤᠰᠢᠶᠠᠯ᠎ᠳᠦ ᠳᠡᠳ᠋ ᠶᠡᠷᠦᠩᠬᠡᠶ ᠵᠢᠯᠣᠭᠣᠳᠣᠭᠴᠢ ᠮᠠ ᠭᠤᠸᠠᠩ ᠷᠧᠨᠤ ᠳᠠᠭ᠋ᠠᠭᠤᠯᠤᠭᠰᠠᠨ ᠠᠵᠢᠯᠯᠠᠬᠤ ᠳᠤᠭᠤᠶ᠋ᠢᠯᠠᠩ ᠦᠷᠭᠦᠯᠵᠢᠯᠡᠨ ᠤᠷᠤᠭᠰᠢᠯᠠᠨ᠂ ᠶᠢᠨᠾᠸ ᠵᠢᠨ ᠨᠢᠭᠡᠳᠦᠭᠡᠷ ᠹᠷᠣᠨᠲ᠎ᠲᠤ ᠬᠦᠷᠴᠦ ᠬᠤᠰᠢᠭᠤᠴᠢᠯᠠᠨ ᠵᠢᠯᠤᠭᠤᠳᠪᠠ; ᠳᠦᠷᠪᠡ᠎ᠳᠤ᠂ ᠵᠡᠪᠰᠡᠭᠲᠦ ᠴᠠᠭᠳᠠᠭ᠋ᠠᠨ᠎ᠤ ᠤᠢ ᠰᠢᠭᠤᠶ ᠵᠢᠨ ᠵᠢᠯᠣᠭᠣᠳᠬᠤ ᠭᠠᠵᠠᠷ᠎ᠢ ᠦᠷᠭᠦᠯᠵᠢᠯᠡᠨ ᠵᠣᠬᠢᠴᠠᠭᠤᠯᠵᠤ᠂ ᠬᠠᠷᠠᠮᠥ᠋ᠷᠡᠨ᠂ ᠭᠢᠷᠢᠨ ᠬᠣᠶᠠᠷ ᠮᠤᠵᠢ ᠵᠢᠨ ᠵᠡᠪᠰᠡᠭᠲᠦ ᠴᠠᠭᠳᠠᠭ᠋ᠠᠨ᠎ᠤ ᠤᠢ ᠰᠢᠭᠤᠶ ᠵᠢᠨ ᠴᠡᠷᠢᠭ ᠠᠨᠭ᠌ᠬᠢ ᠵᠢᠨ ᠮᠤᠵᠢ ᠠᠯᠤᠰᠯᠠᠨ ᠲᠤᠰᠠᠯᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠪᠠ᠃
ᠤᠯᠤᠰ᠎ᠤᠨ ᠤᠢ ᠰᠢᠭᠤᠶ ᠵᠢᠨ ᠭᠠᠯ ᠰᠡᠷᠬᠡᠢ᠌ᠯᠡᠬᠦ ᠵᠢ ᠶᠡᠷᠦᠨᠭᠬᠡᠢ ᠵᠢᠯᠣᠭᠣᠳᠬᠤ ᠭᠠᠵᠠᠷ᠎ᠤᠨ ᠲᠤᠢ᠌ᠮᠠᠷ ᠭᠠᠷᠤᠭᠰᠠᠨ ᠭᠠᠵᠠᠷ᠎ᠤᠨ ᠠᠵᠢᠯᠯᠠᠬᠤ ᠳᠤᠭᠤᠶ᠋ᠢᠯᠠᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠬᠠᠷᠠᠮᠥ᠋ᠷᠡᠨ ᠮᠤᠵᠢ ᠵᠢᠨ ᠤᠢ ᠰᠢᠭᠤᠶ ᠵᠢᠨ ᠭᠠᠯ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠭᠠᠵᠠᠷ ᠪᠣᠯᠤᠨ ᠭᠠᠯ ᠤᠨᠲᠠᠷᠠᠭ᠋ᠠᠬᠤ ᠡᠮᠦᠨ᠎ᠡ ᠹᠷᠤᠨᠲ᠎ᠤᠨ ᠮᠡᠳᠡᠬᠦᠯᠦᠯᠳᠠ᠂ ᠣᠳᠣᠬᠠᠨ᠎ᠳᠤ ᠲᠤᠢ᠌ᠮᠠᠷ ᠭᠠᠷᠤᠭᠰᠠᠨ ᠭᠠᠵᠠᠷ᠎ᠤᠨ ᠪᠠᠶ᠋ᠢᠳᠠᠯ ᠳᠣᠣᠷᠠᠬᠢ ᠮᠡᠲᠦ᠄
ᠨᠢᠭᠡ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠭᠤᠤᠯᠳᠠᠯᠭ᠎ᠠ᠎ᠲᠠᠢ ᠤᠯᠤᠰ᠎ᠤᠨ ᠦᠮᠴᠢᠯᠠᠯᠳᠤ ᠣᠢ ᠰᠢᠭᠤᠢ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠨᠮᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠲᠤᠢ᠌ᠮᠠᠷ ᠭᠠᠷᠤᠭᠰᠠᠨ ᠭᠠᠵᠠᠷ᠎ᠤᠨ ᠵᠡᠭᠦᠨ ᠲᠠᠯ᠎ᠠ ᠵᠢᠨ ᠭᠠᠯ᠎ᠤᠨ ᠱᠤᠭᠤᠮ᠎ᠨᠢ ᠪᠠᠷᠤᠭ 6 ᠺᠢᠯᠣᠮᠧᠲᠷ᠂ ᠪᠠᠷᠠᠭᠤᠨ ᠲᠠᠯ᠎ᠠ ᠵᠢᠨ ᠭᠠᠯ᠎ᠤᠨ ᠱᠤᠭᠤᠮ᠎ᠨᠢ ᠪᠠᠷᠤᠭ 2 ᠺᠢᠯᠣᠮᠧᠲᠷ᠂ ᠡᠮᠦᠨ᠎ᠡ ᠲᠠᠯᠠᠳᠤᠨᠢ ᠲᠠᠰᠤᠯᠳᠠᠩᠭᠤᠶ ᠭᠠᠯ ᠹᠷᠣᠨᠲ᠎ᠲᠠᠢ᠂ ᠤᠮᠠᠷᠠᠲᠤ ᠲᠠᠯ᠎ᠠ᠎ᠳᠤ ᠤᠲᠤᠭ᠎ᠠ ᠨᠡᠯᠢᠶᠡᠳ ᠶᠡᠬᠡ ᠲᠤᠯᠠ ᠠᠭ᠋ᠠᠷ᠎ᠠᠴᠠ ᠵᠥᠪ ᠣᠨᠣᠪᠴᠢᠲᠠᠶ ᠠᠵᠢᠭᠯᠠᠨ ᠬᠡᠮᠵᠢᠬᠦ ᠵᠢᠨ ᠠᠷᠭ᠎ᠠ ᠦᠭᠡᠢ ᠪᠠᠢ᠌ᠵᠦ᠂ ᠲᠤᠢ᠌ᠮᠠᠷ ᠭᠠᠷᠤᠭᠰᠠᠨ ᠭᠠᠵᠠᠷ᠎ᠤᠨ ᠲᠠᠯᠠᠪᠠᠶ᠎ᠨᠢ ᠪᠠᠷᠤᠭ 1500 ᠾᠧᠺᠲ᠋ᠠᠷ᠂ ᠬᠠᠷᠠᠮᠥ᠋ᠷᠡᠨ ᠮᠤᠵᠢ ᠵᠢᠨ ᠶᠡᠬᠡ ᠬᠢᠩᠭ᠋ᠠᠨ ᠳᠠᠪᠠᠭ᠋ᠠᠨ᠎ᠳᠤ ᠪᠠᠷᠤᠭ 1. 5 ᠲᠦᠮᠡᠨ ᠺᠢᠯᠣᠮᠧᠲᠷ ᠰᠢᠳᠠᠵᠦ ᠤᠷᠤᠵᠠᠢ᠃ ᠥᠪᠥᠷ ᠮᠣᠩᠭᠣᠯ ᠤᠭᠳᠠᠪᠤᠷᠢ 《ᠪᠠᠷᠠᠭᠤᠨ᠎ᠢ ᠰᠠᠬᠢᠵᠤ᠂ ᠬᠤᠢ᠌ᠨ᠎ᠠ ᠵᠢ ᠪᠢᠳᠡᠬᠦᠮᠵᠢᠯᠡᠨ᠂ ᠵᠡᠭᠦᠨ᠎ᠢ ᠴᠤᠬᠢᠬᠤ》 ᠭᠠᠯ ᠤᠨᠳᠠᠷᠠᠭ᠋ᠠᠬᠤ ᠲᠥᠰᠦᠯ᠎ᠤᠨ ᠶᠤᠰᠤᠭ᠋ᠠᠷ᠂ ᠲᠤᠰᠠᠯᠠᠬᠤ ᠴᠡᠷᠢᠭ᠎ᠤᠳ ᠵᠡᠭᠦᠨ ᠪᠠᠷᠠᠭᠤᠨ ᠬᠣᠶᠠᠷ ᠲᠠᠯ᠎ᠠ ᠵᠢᠨ ᠳᠠᠭ᠋ᠠᠤ ᠤᠷᠤᠭᠰᠢᠯᠠᠨ ᠤᠨᠳᠠᠷᠭ᠋ᠠᠵᠠᠢ᠃ ᠤᠳᠤ ᠲᠤᠢ᠌ᠮᠠᠷ ᠭᠠᠷᠤᠭᠰᠠᠨ ᠭᠠᠵᠠᠷ᠎ᠲᠤ 9 ᠨᠢᠰᠬᠡᠯ᠂ ᠴᠡᠷᠢᠭ᠎ᠤᠨ ᠬᠦᠴᠦᠨ 1880 ᠬᠥᠮᠦᠨ (ᠡᠭᠦᠨ᠎ᠳᠤ ᠤᠢ ᠰᠢᠭᠤᠢ ᠵᠢᠨ ᠴᠠᠭᠳᠠᠭ᠎ᠠ 630 ᠬᠥᠮᠦᠨ) ᠪᠠᠢ᠌ᠵᠦ᠂ ᠪᠤᠰᠤᠳ 840 ᠬᠥᠮᠦᠨ ᠨᠢᠭᠡᠨᠳᠠ ᠴᠤᠭᠯᠠᠷᠠᠨ ᠳᠠᠭᠤᠰᠴᠤ᠂ ᠲᠤᠢ᠌ᠮᠠᠷ᠎ᠤᠨ ᠲᠠᠯᠠᠪᠠᠢ᠎ᠳᠤ ᠤᠷᠤᠬᠤ᠎ᠪᠠᠷ ᠪᠡᠯᠡᠳᠬᠡᠵᠦ᠂ 2000 ᠬᠥᠮᠦᠨ ᠲᠤᠢ᠌ᠮᠠᠷ ᠭᠠᠷᠤᠭᠰᠠᠨ ᠭᠠᠵᠠᠷ᠎ᠲᠤ ᠳᠠᠷᠠᠭ᠋ᠠᠴᠢ ᠵᠢᠨ ᠠᠯᠬᠤᠮ᠎ᠳᠤ ᠨᠠᠮᠠᠨ ᠲᠤᠰᠠᠯᠠᠬᠤ᠎ᠪᠠᠷ ᠪᠡᠯᠡᠳᠬᠡᠯ ᠬᠢᠵᠦ ᠪᠤᠢ᠃ ᠬᠠᠷᠠᠮᠥ᠋ᠷᠡᠨ᠎ᠤ ᠡᠮᠦᠨ᠎ᠡ ᠹᠷᠤᠨᠲ ᠨᠠᠢ᠌ᠳᠠ 2500 ᠬᠥᠮᠦᠨ (ᠡᠭᠦᠨ᠎ᠳᠤ ᠤᠢ ᠰᠢᠭᠤᠢ ᠵᠢᠨ ᠴᠠᠭᠳᠠᠭ᠎ᠠ 900 ᠬᠥᠮᠦᠨ)᠎ᠤ ᠴᠡᠷᠢᠭ᠎ᠤᠨ ᠬᠦᠴᠦᠨ ᠰᠢᠯᠵᠢᠬᠦᠯᠦᠨ ᠲᠤᠬᠢᠷᠠᠭᠤᠯᠵᠦ ᠪᠦᠬᠦ ᠬᠦᠴᠦ᠎ᠪᠠᠷ ᠵᠶ᠋ᠠᠨ ᠪᠢᠳᠡᠬᠦᠮᠵᠢᠯᠠᠯᠳᠠ ᠬᠢᠵᠦ ᠪᠠᠶ᠋ᠢᠨ᠎ᠠ᠂ ᠤᠷᠢᠳ ᠬᠣᠵᠢᠳ 21 ᠨᠢᠰᠬᠡᠯ ᠲᠣᠮᠢᠯᠠᠵᠤ᠂ ᠲᠤᠢ᠌ᠮᠠᠷ ᠭᠠᠷᠤᠭᠰᠠᠨ ᠭᠠᠵᠠᠷ᠎ᠢ ᠲᠤᠷᠰᠢᠨ ᠪᠠᠢ᠌ᠴᠠᠭ᠋ᠠᠬᠤ᠂ ᠴᠡᠷᠢᠭ᠎ᠤᠨ ᠬᠦᠴᠦᠨ᠎ᠢ ᠬᠦᠷᠭᠡᠬᠦ᠂ ᠨᠢᠰᠬᠡᠯ᠎ᠤᠨ ᠳᠡᠭᠦᠵᠢᠯᠡᠭᠦᠷ ᠰᠠᠭᠤᠯᠠᠭ᠎ᠠ᠎ᠪᠠᠷ ᠭᠠᠯ ᠤᠨᠲᠠᠷᠠᠭ᠋ᠠᠬᠤ᠂ ᠬᠢᠮᠢ ᠵᠢᠨ ᠤᠨᠳᠠᠷᠠᠭ᠋ᠠᠯᠳᠠ ᠵᠡᠷᠬᠡ ᠳᠠᠭ᠋ᠠᠭ᠋ᠠᠯᠪᠤᠷᠢ ᠵᠢ ᠬᠦᠢ᠍ᠴᠡᠳᠬᠡᠵᠦ ᠪᠠᠢ᠌ᠨ᠎ᠠ᠃ ᠲᠤᠢ᠌ᠮᠠᠷ ᠭᠠᠷᠤᠭᠰᠠᠨ ᠭᠠᠵᠠᠷ᠎ᠲᠤ ᠡᠮᠦᠨ᠎ᠠ᠎ᠠᠴᠠ 2 ᠳᠡᠰ᠎ᠤᠨ ᠰᠠᠯᠬᠢᠨ᠎ᠲᠠᠢ᠂ ᠡᠭᠦᠯᠡᠷᠬᠡᠭ᠂ ᠠᠭ᠋ᠠᠷ᠎ᠤᠨ ᠳᠤᠯᠠᠭ᠋ᠠᠨ16 ℃᠃
ᠬᠣᠶᠠᠷ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠭᠤᠤᠯᠳᠠᠯᠭ᠎ᠠ᠎ᠲᠠᠢ ᠤᠯᠤᠰ᠎ᠤᠨ ᠦᠮᠴᠢᠯᠠᠯᠳᠤ ᠣᠢ ᠰᠢᠭᠤᠢ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶ᠋ᠢᠲᠤ ᠬᠡᠰᠡᠭ᠎ᠤᠨ ᠪᠠᠯᠠᠷ ᠤᠢ᠌ᠲᠤ ᠤᠷᠤᠨ᠎ᠤ ᠴᠢᠴᠢᠶᠠᠨ ᠤᠢ ᠰᠢᠭᠤᠶ ᠵᠢᠨ ᠲᠣᠪᠴᠢᠶ᠎ᠠ ᠵᠢᠨ ᠠᠪᠠ ᠭᠣᠣᠯ ᠤᠢ ᠰᠢᠭᠤᠢ ᠵᠢᠨ ᠲᠤᠢ᠌ᠮᠠᠷ᠎ᠲᠤ 3᠎ᠤ ᠡᠳᠦᠷ᠎ᠤᠨ 23 ᠴᠠᠭ᠎ᠲᠤ ᠨᠢᠭᠡᠨᠳᠠ ᠪᠦᠬᠦ ᠲᠠᠯ᠎ᠠ᠎ᠪᠠᠷ ᠬᠣᠮᠣᠷᠭ᠋ᠠᠯᠠᠯᠲᠠ ᠬᠢᠬᠦ ᠵᠢ ᠪᠡᠶᠡᠯᠡᠬᠦᠯᠵᠦ᠂ ᠲᠤᠢ᠌ᠮᠠᠷ᠎ᠢ ᠪᠦᠲᠦᠮᠵᠢᠲᠡᠶ᠎ᠪᠠᠷ ᠬᠢᠵᠠᠭ᠋ᠠᠷᠯᠠᠪᠠ᠃ ᠤᠳᠤᠬᠠᠨ᠎ᠳᠤ᠂ ᠲᠤᠢ᠌ᠠᠮᠷ ᠤᠨᠳᠠᠷᠠᠭ᠋ᠠᠭᠴᠢᠳ ᠦᠷᠬᠦᠯᠵᠢᠯᠡᠨ ᠦᠶ᠎ᠠ ᠪᠦᠲᠤᠮᠵᠢ᠎ᠪᠠᠨ ᠪᠡᠬᠢᠵᠢᠬᠦᠯᠦᠨ᠂ ᠬᠦᠨᠵᠡᠬᠡᠢ ᠴᠡᠪᠡᠷᠯᠡᠯᠳᠠ ᠬᠢᠬᠦ ᠵᠢ ᠥᠷᠨᠢᠭᠦᠯᠵᠦ᠂ 《ᠭᠤᠷᠪᠠ ᠦᠬᠡᠢ (ᠤᠳᠤᠭ᠎ᠠ ᠦᠭᠡᠢ᠂ ᠭᠠᠯ ᠦᠭᠡᠢ᠂ ᠬᠡᠢ ᠦᠭᠡᠢ)》 ᠬᠠᠷᠠᠯᠲᠠ᠎ᠳᠤ ᠠᠯᠢ ᠲᠦᠷᠭᠡᠨ ᠵᠶ᠋ᠠᠷ ᠬᠦᠷᠬᠦ᠎ᠪᠠᠷ ᠬᠦᠴᠦᠯᠡᠨ ᠴᠢᠷᠮᠠᠢ᠌ᠵᠦ ᠪᠤᠢ᠃ ᠲᠤᠢ᠌ᠮᠠᠷ ᠭᠠᠷᠤᠭᠰᠠᠨ ᠭᠠᠵᠠᠷ᠎ᠲᠤ ᠡᠮᠦᠨ᠎ᠠ᠎ᠠᠴᠠ 3 ᠳᠡᠰ᠎ᠤᠨ ᠰᠠᠯᠬᠢᠨ᠎ᠲᠠᠢ᠂ ᠡᠭᠦᠯᠡᠷᠬᠡᠭ᠂ ᠠᠭ᠋ᠠᠷ᠎ᠤᠨ ᠳᠤᠯᠠᠭ᠋ᠠᠨ 18 ℃᠃ (ᠭᠠᠯ ᠰᠡᠷᠭᠡᠶ᠋ᠢᠯᠡᠬᠦ ᠠᠯᠪᠠᠨ ᠭᠡᠷ)