ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠠᠴᠠ ᠰᠢᠯᠢ ᠵᠢᠨ ᠭᠣᠣᠯ ᠠᠶ᠋ᠢᠮᠠᠭ᠎ᠤᠨ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2018-06-21

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                  ᠰᠦᠯᠵᠢᠶᠡᠨ᠎ᠤ 6 ᠰᠠᠷ᠎ᠠ ᠵᠢᠨ 1᠎ᠤ ᠡᠳᠦᠷ᠎ᠤᠨ ᠮᠡᠳᠡᠭᠡ

     5 ᠰᠠᠷ᠎ᠠ ᠵᠢᠨ 7᠎ᠤ ᠡᠳᠦᠷ᠎ᠠᠴᠠ 8᠎ᠤ ᠡᠳᠦᠷ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠳᠡᠳ᠋ ᠲᠢᠩᠬᠢᠮ᠎ᠤᠨ ᠳᠠᠷᠤᠭ᠎ᠠ ᠯᠸᠦ ᠪᠦᠸᠸ ᠵᠢᠶᠦ᠋ᠨ ᠬᠠᠮᠢᠶ᠎ᠠ ᠪᠦᠬᠦᠢ ᠠᠯᠪᠠᠨ ᠭᠡᠷ᠎ᠤᠨ ᠬᠠᠷᠢᠭᠤᠴᠠᠯᠭ᠋ᠠᠲᠠᠳ ᠵᠢᠴᠢ ᠤᠯᠤᠰ᠎ᠤᠨ ᠤᠢ ᠰᠢᠭᠤᠶ ᠵᠢᠨ ᠲᠤᠪᠴᠢᠶ᠎ᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠮᠡᠷᠭᠡᠵᠢᠯᠲᠡᠨ ᠵᠡᠷᠭᠡ ᠠᠵᠢᠯ ᠲᠦᠷᠦᠯ᠎ᠤᠨ᠎ᠬᠢᠨ᠎ᠤ ᠵᠢᠷᠭᠤᠭ᠋ᠠᠨ ᠬᠥᠮᠦᠨ᠎ᠢ ᠳᠠᠭ᠋ᠠᠭᠤᠯᠵᠤ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ᠎ᠤ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ᠎ᠳᠤ ᠬᠦᠨᠵᠡᠭᠡᠢ᠌ᠷᠡᠵᠦ᠂ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ᠎ᠨᠢ ᠪᠠᠶ᠋ᠢᠴᠠᠭ᠋ᠠᠨ ᠰᠤᠳᠤᠯᠵᠦ ᠵᠢᠭ᠋ᠠᠨ ᠵᠢᠯᠣᠭᠣᠳᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ᠎ᠤ ᠬᠡᠪᠴᠢᠶᠡᠵᠢᠬᠦᠯᠦᠭᠰᠡᠨ ᠤᠢ ᠰᠢᠭᠤᠶ ᠵᠢᠨ ᠲᠥᠯᠥᠪᠵᠢᠭᠦᠯᠭᠡ ᠵᠢᠨ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠭᠰᠡᠨ᠎ᠤ ᠬᠠᠮᠲᠤ ᠬᠣᠶᠠᠷ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ ᠪᠤᠯᠤᠨ ᠣᠢ ᠰᠢᠭᠤᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠲᠠᠢ ᠶᠠᠷᠢᠯᠴᠠᠬᠤ ᠬᠤᠷᠠᠯ ᠬᠢᠵᠡᠶ᠃ ᠶᠠᠷᠢᠯᠴᠠᠬᠤ ᠬᠤᠷᠠᠯ᠎ᠤᠨ ᠰᠤᠳᠤᠯᠤᠭᠰᠠᠨ ᠵᠶ᠋ᠡᠷ ᠭᠤᠷᠪᠠᠨ ᠵᠦᠢ᠍ᠯᠡᠰ᠎ᠢ ᠤᠯᠠᠮ ᠨᠢᠭᠡ ᠠᠯᠬᠤᠮ ᠲᠣᠳᠣᠷᠬᠠᠶ᠋ᠢᠯᠠᠭᠰᠠᠨ ᠪᠠᠶ᠋ᠢᠨ᠎ᠠ᠃ ᠨᠢᠭᠡ᠎ᠳᠤ᠂ ᠶᠡᠷᠦᠩᠬᠡᠶ ᠲᠥᠯᠥᠪᠵᠢᠭᠦᠯᠭᠡ ᠵᠢ ᠨᠠᠢ᠌ᠷᠠᠭᠤᠯᠤᠨ ᠲᠡᠭᠦᠯᠳᠡᠷᠵᠢᠬᠦᠯᠬᠦ ᠬᠡᠷᠡᠭᠲᠡᠶ᠃ ᠤᠯᠤᠰ᠎ᠤᠨ ᠤᠢ ᠰᠢᠭᠤᠶ ᠵᠢᠨ ᠲᠣᠪᠴᠢᠶ᠎ᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠢ ᠤᠷᠢᠵᠤ᠂ ᠬᠣᠶᠠᠷ ᠬᠣᠰᠢᠭᠤ ᠰᠢᠶᠠᠨ᠎ᠤ ᠲᠥᠯᠥᠪᠵᠢᠭᠦᠯᠭᠡ ᠵᠢᠨ ᠲᠥᠰᠦᠯ᠎ᠤᠨ ᠰᠠᠭᠤᠷᠢᠨ ᠳᠡᠭᠡᠷ᠎ᠡ᠂ ᠥᠪᠥᠷ ᠮᠣᠩᠭᠣᠯ᠎ᠤᠨ ᠬᠤᠯᠠᠨ ᠲᠠᠭ᠎ᠠ ᠵᠢᠨ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ ᠵᠢᠨ ᠶᠡᠷᠦᠩᠬᠡᠶ ᠲᠥᠯᠥᠪᠵᠢᠭᠦᠯᠭᠡ (ᠡᠭᠦᠨ᠎ᠳᠤ ᠰᠢᠯᠤᠭᠤᠨ ᠬᠥᠬᠡ ᠬᠤᠰᠢᠭᠤ᠂ ᠲᠤᠯᠦᠠ ᠨᠠᠭᠤᠷ᠂ ᠬᠡᠰᠢᠭᠳᠡᠨ ᠭᠤᠷᠪᠠᠨ ᠬᠣᠰᠢᠭᠤ ᠰᠢᠶᠠᠨ ᠪᠠᠭᠳᠠᠨ᠎ᠠ) ᠵᠢ ᠨᠠᠢ᠌ᠷᠠᠭᠤᠯᠤᠨ ᠵᠤᠬᠢᠶᠠᠵᠦ᠂ ᠲᠥᠯᠥᠪᠵᠢᠭᠦᠯᠭᠡ ᠵᠢᠨ ᠲᠤᠭᠳᠠᠭ᠋ᠠᠯᠳᠠ ᠵᠢᠨ ᠪᠠᠶ᠋ᠢᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠪᠠ ᠠᠵᠤ ᠦᠢ᠍ᠯᠡᠰ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠡᠵᠡᠩᠨᠡᠯᠲᠡ ᠪᠠ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠬᠠᠶ᠋ᠢᠨ ᠰᠦᠪᠡᠭᠴᠢᠯᠡᠵᠦ᠂ ᠲᠥᠯᠥᠪᠵᠢᠭᠦᠯᠭᠡ ᠵᠢᠨ ᠪᠠᠷᠠᠭ᠋ᠠᠯᠠᠯᠳᠤ ᠴᠢᠨᠠᠷ᠂ ᠨᠢᠭᠡᠳᠦᠯᠲᠡᠶ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠲᠤᠪᠤᠢ᠌ᠯᠭ᠋ᠠᠵᠦ᠂ 5 ᠰᠠᠷ᠎ᠠ ᠵᠢᠨ ᠰᠡᠭᠦᠯᠴᠢ᠎ᠪᠠᠷ ᠲᠥᠯᠥᠪᠵᠢᠭᠦᠯᠭᠡ ᠵᠢᠨ ᠲᠣᠪᠴᠢ ᠵᠢ ᠨᠠᠶ᠋ᠢᠷᠠᠭᠤᠯᠬᠤ ᠠᠵᠢᠯ᠎ᠢ ᠲᠡᠮᠡᠴᠡᠨ ᠤᠯᠤᠨ᠎ᠠ᠃ ᠬᠣᠶᠠᠷ᠎ᠲᠤ᠂ 2018 ᠣᠨ᠎ᠤ ᠡᠭᠦᠷᠭᠡ ᠵᠢᠨ ᠨᠠᠢ᠌ᠳᠠᠪᠤᠷᠢᠵᠢᠭᠤᠯᠤᠯᠳᠠ ᠵᠢ ᠲᠦᠷᠭᠡᠪᠴᠢᠯᠡᠨ   ᠠᠬᠢᠭᠤᠯᠤᠨ᠎ᠠ᠃ ᠪᠠᠶ᠋ᠢᠴᠠᠭ᠋ᠠᠬᠤ ᠳᠤᠭᠤᠶ᠋ᠢᠯᠠᠩ ᠢᠯᠡᠷᠬᠡᠶ᠋ᠢᠯᠡᠭᠰᠡᠨ᠎ᠨᠢ᠂ ᠬᠠᠷᠢᠭᠰᠠᠨ᠎ᠤ ᠲᠠᠷᠠᠭ᠎ᠠ ᠴᠠᠭ ᠲᠤᠬᠠᠶ᠎ᠳᠤᠨᠢ ᠪᠠᠶ᠋ᠢᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠨᠠᠢ᠌ᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠷᠢᠭᠤ ᠮᠡᠳᠡᠭᠦᠯᠦᠯᠲᠡ ᠵᠢ ᠱᠠᠯᠠᠪᠳᠠᠨ ᠬᠢᠵᠦ᠂ ᠤᠢ᠌ᠷ᠎ᠠ ᠵᠢᠨ ᠡᠳᠦᠷ ᠪᠡᠯᠡ ᠣᠷᠣᠭᠤᠯᠬᠤ ᠪᠠᠷᠢᠮᠵᠢᠶ᠎ᠠ ᠵᠢ ᠲᠤᠭᠳᠠᠭ᠋ᠠᠵᠦ᠂ ᠪᠡᠯᠡ ᠮᠥᠩᠭᠥ ᠵᠢᠨ ᠲᠥᠯᠥᠪᠯᠡᠭᠡ ᠪᠠᠭᠤᠯᠭ᠋ᠠᠵᠤ ᠪᠣᠯᠤᠨ᠎ᠠ᠃ ᠭᠤᠷᠪᠠ᠎ᠳᠤ᠂ ᠪᠦᠲᠦᠭᠡᠨ ᠪᠠᠶ᠋ᠢᠭᠤᠯᠤᠯᠲᠠ ᠵᠢᠨ ᠲᠣᠭᠲᠠᠴᠠ ᠵᠢ ᠲᠣᠳᠣᠷᠬᠠᠶ ᠪᠤᠯᠭ᠋ᠠᠨ᠎ᠠ᠃ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠪᠤᠯ ᠬᠡᠪᠴᠢᠶᠡᠵᠢᠭᠦᠯᠦᠭᠰᠡᠨ ᠤᠢ ᠰᠢᠭᠤᠶ ᠵᠢᠨ ᠳᠠᠯᠠᠪᠠᠢ ᠵᠢᠨ ᠪᠦᠳᠦᠭᠡᠨ ᠪᠠᠶ᠋ᠢᠭᠤᠯᠤᠯᠲᠠ ᠵᠢᠨ ᠭᠣᠣᠯ ᠴᠣᠭᠴᠠ ᠪᠣᠯᠤᠨ ᠬᠠᠷᠢᠭᠤᠴᠠᠯᠭ᠎ᠠ ᠵᠢᠨ ᠭᠣᠣᠯ ᠴᠣᠭᠴᠠ ᠪᠤᠯᠤᠨ᠎ᠠ᠃ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠮᠢ ᠠᠬᠤᠶ ᠵᠢᠨ ᠢᠨᠵᠧᠨᠧᠷᠢᠩ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠠᠯᠢ ᠪᠣᠯᠬᠤ᠎ᠪᠠᠷ ᠦᠨᠳᠦᠰᠦᠨ ᠱᠠᠲᠤᠨ᠎ᠤ ᠬᠤᠷᠰᠢᠭᠰᠠᠨ ᠵᠣᠬᠢᠶᠠᠨ ᠪᠠᠶ᠋ᠢᠭᠤᠯᠤᠯᠲᠠ ᠪᠠ ᠮᠠᠯᠴᠢᠨ ᠲᠠᠷᠢᠶᠠᠴᠢᠨ᠎ᠤ ᠠᠰᠢᠭ ᠲᠤᠰᠠ᠎ᠲᠠᠢ ᠤᠶᠠᠯᠳᠤᠭᠤᠯᠵᠦ᠂ ᠠᠮᠢ ᠠᠬᠤᠶ᠂ ᠠᠵᠦ ᠠᠬᠤᠢ᠂ ᠨᠡᠶ᠋ᠢᠭᠡᠮ᠎ᠤᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠪᠠᠳᠠᠷᠠᠭᠤᠯᠤᠨ᠎ᠠ᠃
      ᠣᠳᠣᠬᠠᠨ᠎ᠳᠤ ᠬᠣᠶᠠᠷ ᠬᠣᠰᠢᠭᠤ ᠰᠢᠶᠠᠨ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠱᠠᠯᠠᠪᠳᠠᠨ ᠬᠢᠵᠦ᠂ ᠨᠢᠭᠡ ᠲᠠᠯ᠎ᠠ᠎ᠪᠠᠷ ᠤᠯᠤᠰ᠎ᠤᠨ ᠤᠢ ᠰᠢᠭᠤᠶ ᠵᠢᠨ ᠲᠣᠪᠴᠢᠶ᠎ᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠶᠡᠷᠦᠩᠬᠡᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠲᠠᠢ ᠬᠠᠮᠵᠢᠯᠴᠠᠨ᠂ ᠨᠦᠬᠦᠭᠡ ᠲᠠᠯ᠎ᠠ᠎ᠪᠠᠷ 2018 ᠣᠨ᠎ᠤ ᠡᠭᠦᠷᠭᠡ᠎ᠤᠨ ᠨᠠᠢ᠌ᠳᠠᠪᠤᠷᠢᠵᠢᠭᠤᠯᠤᠯᠳᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠳᠣᠯᠣᠨ ᠨᠠᠭᠤᠷ ᠰᠢᠶᠠᠨ ᠨᠢᠭᠡᠨᠲᠡ 7.2 ᠲᠦᠮᠡᠨ ᠮᠦ᠍ ᠣᠶ᠋ᠢᠵᠢᠭᠤᠯᠬᠤ ᠠᠵᠢᠯ᠎ᠢ ᠲᠠᠭᠤᠰᠬᠠᠵᠦ᠂ ᠣᠨ᠎ᠤ ᠲᠥᠯᠥᠪᠯᠡᠭᠡ ᠵᠢᠨ 58 % ᠵᠢ ᠡᠵᠡᠯᠡᠵᠠᠢ; ᠰᠢᠯᠤᠭᠤᠨ ᠬᠥᠬᠡ ᠬᠣᠰᠢᠭᠤ ᠨᠢᠭᠡᠨᠲᠡ 2018 ᠣᠨ᠎ᠤ ᠡᠭᠦᠷᠭᠡ᠎ᠪᠠᠨ ᠪᠦᠬᠦᠳᠡ ᠵᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠵᠤ᠂ ᠤᠨ᠎ᠤ ᠬᠡᠷᠡᠭᠵᠢᠬᠦᠯᠦᠯᠳᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠲᠥᠯᠥᠪᠯᠡᠭᠡ ᠵᠢ ᠪᠠᠭᠤᠯᠭ᠋ᠠᠭᠰᠠᠨ᠎ᠤ ᠲᠠᠷᠠᠭ᠎ᠠ᠂ ᠳᠠᠭ᠋ᠠᠭ᠋ᠠᠴᠢᠯᠠᠯᠲᠠ ᠵᠠᠷᠯᠠᠬᠤ ᠪᠠ ᠪᠠᠷᠢᠯᠭ᠎ᠠ ᠪᠠᠷᠢᠬᠤ ᠪᠠᠶ᠋ᠢᠭᠤᠯᠤᠯᠲᠠ ᠵᠢᠨ ᠠᠵᠢᠯ᠎ᠢ ᠴᠠᠭ ᠲᠤᠬᠠᠶ᠎ᠳᠤᠨᠢ ᠥᠷᠨᠢᠭᠦᠯᠵᠦ᠂ ᠣᠨ᠎ᠤ ᠪᠥᠳᠥᠭᠡᠨ ᠪᠠᠶ᠋ᠢᠭᠤᠯᠤᠯᠲᠠ ᠵᠢᠨ ᠡᠭᠦᠷᠭᠡ ᠵᠢ ᠲᠣᠭ᠎ᠠ ᠶᠣᠰᠣᠭ᠋ᠠᠷ ᠴᠢᠨᠠᠷ᠎ᠢ ᠪᠠᠲᠤᠯᠠᠨ ᠪᠡᠶᠡᠯᠡᠬᠦᠯᠬᠦ᠎ᠪᠠᠷ ᠪᠤᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠦᠯᠦᠨ ᠪᠣᠶ᠋ᠢᠷ᠎ᠤᠨ ᠬᠠᠭᠤᠴᠢᠨ ᠪᠠᠷᠭᠤ ᠬᠣᠰᠢᠭᠤᠨ᠎ᠤ ᠣᠶ ᠰᠢᠭᠤᠶ ᠵᠢᠨ ᠲᠤᠪᠴᠢᠶ᠎ᠠ ᠵᠢᠨ ᠨᠠᠮ᠎ᠤᠨ ᠡᠭᠦᠷ᠎ᠠᠴᠠ《2018 ᠣᠨ᠎ᠤ ᠠᠯᠪᠠᠨ ᠵᠢᠷᠤᠮ᠎ᠤᠨ ᠮᠣᠳᠣ ᠲᠠᠷᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠰᠢᠮᠳᠠᠭᠣᠯᠬᠣ ᠳᠤᠭᠤᠶ᠋ᠢᠯᠠᠩ ᠥᠪᠥᠷ ᠮᠣᠩᠭᠣᠯ᠎ᠤᠨ ᠲᠦᠮᠡᠯᠵᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠢ᠌ᠷᠡᠵᠦ ᠰᠢᠮᠳᠠᠭᠣᠯᠣᠨ ᠪᠠᠶ᠋ᠢᠴᠠᠭ᠋ᠠᠬᠤ ᠵᠢ ᠦᠷᠨᠢᠬᠦᠯᠪᠠ
ᠰᠢᠯᠢ ᠵᠢᠨ ᠭᠣᠤᠯ ᠠᠶ᠋ᠢᠮᠠᠭ 2018 ᠣᠨ᠎ᠤ ᠳᠡᠭᠡᠷ᠎ᠡ ᠬᠠᠭ᠋ᠠᠰ ᠵᠢᠯ᠎ᠤᠨ ᠴᠢᠬᠢ ᠮᠤᠳᠤ ᠪᠣᠶ᠋ᠢᠵᠢᠭᠤᠯᠬᠤ ᠦᠢ᠍ᠯᠡᠳᠪᠦᠷᠢᠯᠡᠯ᠎ᠤᠨ ᠠᠵᠢᠯ᠎ᠢ ᠤᠷᠤᠭᠰᠢᠲᠠᠶ ᠪᠡᠶᠡᠯᠡᠬᠦᠯᠪᠠ
ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠲᠡᠮᠡᠭᠡᠴᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 2018 ᠣᠨ᠎ᠤ ᠪᠦᠬᠦ ᠤᠯᠤᠰ᠎ᠤᠨ ᠰᠢᠪᠠᠭᠤᠨ᠎ᠤ ᠲᠥᠷᠥᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠠᠵᠢᠭᠯᠠᠯᠲᠠ ᠵᠢᠨ ᠠᠵᠢᠯ᠎ᠢ ᠪᠡᠶᠡᠯᠡᠬᠦᠯᠪᠠ
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠬᠥᠯᠥᠨ ᠪᠣᠶ᠋ᠢᠷ ᠬᠣᠲᠠ ᠵᠢᠨ ᠪᠠᠶ᠋ᠢᠭ᠋ᠠᠯᠢ ᠵᠢᠨ ᠤᠢ ᠮᠣᠳᠣᠨ᠎ᠤ ᠡᠬᠢ ᠪᠠᠶᠠᠯᠢᠭ᠎ᠢ ᠬᠠᠮᠠᠭ᠋ᠠᠯᠠᠬᠤ ᠢᠨᠵᠧᠨᠧᠷᠢᠩ᠎ᠲᠤ ᠬᠣᠶᠠᠳᠤᠭ᠋ᠠᠷ ᠬᠤᠭᠤᠴᠠᠭ᠋ᠠᠨ᠎ᠤ ᠬᠢᠨᠠᠨ ᠪᠠᠢ᠌ᠴᠠᠭ᠋ᠠᠯᠳᠠ ᠬᠢᠵᠠᠢ
 
             蒙ICP备05000248号