ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠦᠪᠦᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠢᠷᠠᠭᠤ ᠠᠯᠳᠠᠷ᠎ᠨᠢ ᠦᠨᠭᠭᠡᠷᠡᠭᠰᠡᠨ᠎ᠢ ᠦᠨᠡᠯᠠᠨ ᠢᠷᠡᠭᠡᠳᠦᠶ ᠵᠢ ᠵᠢᠷᠤᠭᠯᠠᠵᠦ ᠪᠤᠢ
ᠨᠡᠶ᠋ᠢᠲᠡᠯᠡᠭᠰᠡᠨ ᠴᠠᠭ᠄ 2018-06-21

          ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                ᠰᠦᠯᠵᠢᠶ᠎ᠡ ᠵᠢᠨ 5 ᠰᠠᠷ᠎ᠠ ᠵᠢᠨ 31᠎ᠤ ᠡᠳᠦᠷ᠎ᠤᠨ ᠮᠡᠳᠡᠭᠡ

     2018 ᠤᠨ᠎ᠤ 5 ᠰᠠᠷ᠎ᠠ ᠵᠢᠨ 25᠎ᠤ ᠡᠳᠦᠷ᠂ ᠪᠦᠭᠦ ᠬᠣᠰᠢᠭᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠰᠢᠰᠲ᠋ᠧᠮ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠬᠤᠷᠠᠯ᠎ᠢ ᠬᠤᠰᠢᠭᠤᠨ᠎ᠤ ᠪᠠᠶ᠋ᠢᠴᠠᠭ᠋ᠠᠬᠤ ᠬᠣᠷᠢᠶ᠎ᠠ ᠵᠢᠨ ᠲᠤᠯᠤᠳᠤᠭ᠋ᠠᠷ ᠠᠰᠠᠷ᠎ᠲᠠᠬᠢ ᠬᠤᠷᠠᠯ᠎ᠤᠨ ᠭᠡᠷ᠎ᠲᠤ ᠬᠤᠷᠠᠯᠳᠤᠭᠤᠯᠪᠠ᠃ ᠬᠤᠷᠠᠯ᠎ᠢ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠡᠷᠬᠢᠯᠡᠭᠴᠢ ᠶᠠᠩ ᠸᠸᠨ ᠪᠦᠦ ᠡᠷᠬᠢᠯᠡᠵᠦ᠂ ᠬᠤᠰᠢᠭᠤᠨ᠎ᠤ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠪᠠᠶ᠋ᠢᠩᠭᠤ ᠵᠢᠨ ᠳᠡᠳ᠋ ᠡᠷᠬᠢᠯᠡᠭᠴᠢ ᠰᠡᠴᠡᠨᠲᠤ᠂ ᠬᠤᠰᠢᠭᠤᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠳᠡᠳ᠋ ᠱᠦᠵᠢ᠂ ᠤᠯᠤᠰ᠎ᠤᠨ ᠠᠮᠦᠷ᠎ᠢ ᠬᠠᠮᠠᠭ᠋ᠠᠯᠠᠬᠤ ᠠᠯᠪᠠᠨ ᠭᠡᠷ᠎ᠤᠨ ᠡᠷᠬᠢᠯᠡᠭᠴᠢ ᠪᠥᠭᠡᠳ ᠤᠯᠤᠰ ᠲᠦᠷᠦ ᠬᠠᠤᠯᠢ ᠴᠠᠭ᠋ᠠᠵᠠ ᠵᠢᠨ ᠰᠢᠰᠲ᠋ᠧᠮ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠡᠷᠬᠢᠯᠡᠭᠴᠢ ᠨᠠᠰᠤᠨᠪᠠᠶᠠᠷ᠂ ᠬᠤᠰᠢᠭᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠰᠢᠰᠲ᠋ᠧᠮ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠳᠡᠳ᠋ ᠡᠷᠬᠢᠯᠡᠭᠴᠢ ᠪᠥᠭᠡᠳ ᠪᠠᠶ᠋ᠢᠴᠠᠭ᠋ᠠᠬᠤ ᠬᠤᠷᠢᠶ᠎ᠠ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠪᠠᠶ᠋ᠢᠩᠭᠤ ᠵᠢᠨ ᠳᠡᠳ᠋ ᠡᠷᠬᠢᠯᠡᠭᠴᠢ᠎ᠲᠠᠢ· ᠬᠠᠰ᠂ ᠬᠤᠰᠢᠭᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠰᠢᠰᠲ᠋ᠧᠮ᠎ᠤᠨ ᠠᠯᠪᠠᠨ ᠭᠡᠷ᠎ᠤᠨ ᠡᠷᠬᠢᠯᠡᠭᠴᠢ ᠵᠸᠦ ᠭᠦᠸᠸ ᠰᠢᠶᠠᠨᠭ᠌ ᠨᠠᠷ ᠡᠨᠡ ᠤᠳᠠᠭ᠋ᠠᠨ᠎ᠤ ᠬᠤᠷᠠᠯ᠎ᠳᠤ ᠤᠷᠤᠯᠴᠠᠵᠦ ᠶᠠᠷᠢᠶ᠎ᠠ ᠲᠠᠯᠪᠢᠵᠠᠶ᠃ ᠬᠤᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠲᠣᠪᠴᠢᠶᠠᠨ ᠳᠠᠷᠤᠭ᠎ᠠ᠂ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠡᠷᠬᠢᠯᠡᠭᠴᠢ ᠪᠠᠶ ᠸᠠᠨ ᠴᠦᠨ᠂ ᠠᠯᠪᠠᠨ ᠭᠡᠷ᠎ᠤᠨ ᠡᠷᠬᠢᠯᠡᠭᠴᠢ ᠶᠤᠸᠠᠨ ᠵᠢᠩ ᠵᠢᠩ ᠬᠤᠷᠠᠯ᠎ᠳᠤ ᠤᠷᠤᠯᠴᠠᠵᠠᠢ᠃
      ᠬᠤᠷᠠᠯ᠎ᠠᠴᠠ ᠶᠡᠷᠦᠩᠬᠡᠶ ᠱᠦᠵᠢ ᠵᠢᠨ ᠴᠢᠬᠤᠯᠠ ᠶᠠᠷᠢᠶ᠎ᠠ ᠵᠢᠴᠢ ᠠᠶ᠋ᠢᠮᠠᠭ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠬᠤᠷᠠᠯ ᠪᠣᠯᠤᠨ ᠬᠤᠰᠢᠭᠤᠨ᠎ᠤ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠬᠤᠷᠠᠯ ᠳᠡᠭᠡᠷᠡᠬᠢ ᠴᠢᠬᠤᠯᠠ ᠤᠳᠤᠷᠢᠳᠤᠯᠭ᠎ᠠ ᠵᠢᠨ ᠶᠠᠷᠢᠶᠠᠨ᠎ᠤ ᠵᠣᠷᠢᠭ ᠰᠠᠨᠠᠭ᠎ᠠ ᠪᠠ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠵᠦ᠂ ᠬᠥᠬᠢᠭᠦᠯᠦᠨ ᠰᠠᠶ᠋ᠢᠰᠢᠶᠠᠬᠤ ᠰᠢᠢᠳᠪᠦᠷᠢ ᠵᠢ ᠵᠠᠷᠯᠠᠭᠰᠠᠨ ᠪᠦᠭᠡᠳ ᠱᠠᠩᠨᠠᠯ ᠣᠯᠭᠣᠬᠤ ᠶᠣᠰᠣᠯᠠᠯ ᠶᠠᠪᠤᠭᠳᠠᠭᠤᠯᠵᠦ᠂ ᠢᠯᠠᠩᠭᠤᠶ᠎ᠠ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠴᠢᠬᠤᠯᠠ ᠵᠢᠭ᠋ᠠᠪᠤᠷᠢ ᠵᠢᠨ ᠲᠤᠬᠠᠢ 2017 ᠣᠨ᠎ᠤ ᠠᠵᠢᠯ᠎ᠤᠨ ᠪᠠᠶ᠋ᠢᠳᠠᠯ᠎ᠢ ᠳ᠋ᠦᠩᠨᠡᠨ᠂ 2018 ᠣᠨ᠎ᠤ ᠡᠭᠦᠷᠭᠡ ᠵᠢ ᠪᠠᠶ᠋ᠢᠷᠢᠯᠠᠭᠤᠯᠪᠠ᠃ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠴᠢᠭᠯᠡᠯ ᠵᠶ᠋ᠠᠨ ᠲᠣᠳᠣᠷᠬᠠᠶ ᠪᠣᠯᠭ᠋ᠠᠵᠤ᠂ ᠴᠤᠬ ᠰᠦᠯᠳᠡ᠎ᠪᠠᠨ ᠪᠠᠳᠠᠷᠠᠭᠤᠯᠵᠦ᠂ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠰᠢᠰᠲ᠋ᠧᠮ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠰᠢᠨ᠎ᠡ ᠡᠭᠦᠳᠦᠯᠲᠡ ᠵᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠴᠢᠭᠯᠡᠯ᠎ᠢ ᠲᠣᠳᠣᠷᠬᠠᠶ ᠵᠢᠭ᠋ᠠᠨ ᠦᠭᠴᠡᠢ᠃
      ᠬᠤᠷᠠᠯ ᠳᠡᠭᠡᠷ᠎ᠡ᠂ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠨᠢ 《ᠲᠡᠷᠢᠭᠦᠨ᠎ᠤ ᠲᠠᠪᠤᠨ ᠰᠠᠢ᠌ᠨᠲᠠᠢ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ》 ᠬᠡᠬᠦ ᠬᠠᠮᠲᠤ ᠵᠢᠨ ᠢᠷᠠᠭᠤ ᠠᠯᠳᠠᠷ᠎ᠢ ᠬᠦᠷᠲᠡᠵᠦ᠂ ᠲᠣᠪᠴᠢᠶᠠᠨ ᠳᠠᠷᠤᠭ᠎ᠠ ᠪᠠᠶ ᠸᠠᠨ ᠴᠦᠨ 《ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠠᠵᠢᠯ᠎ᠤᠨ ᠲᠡᠷᠢᠭᠦᠨ᠎ᠤ ᠬᠤᠪᠢ ᠬᠥᠮᠦᠨ᠎ᠤ ᠱᠠᠩᠨᠠᠯ》᠎ᠢ ᠬᠦᠷᠳᠡᠵᠦ᠂ ᠠᠯᠪᠠᠨ ᠭᠡᠷ᠎ᠤᠨ ᠡᠷᠬᠢᠯᠡᠭᠴᠢ 《ᠲᠡᠷᠢᠭᠦᠨ᠎ᠤ ᠠᠵᠢᠯᠲᠠᠨ᠎ᠤ ᠱᠠᠩᠨᠠᠯ》 ᠭᠥᠷᠳᠡᠪᠡ᠃ ᠡᠨᠡ ᠤᠳᠠᠭ᠋ᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠰᠢᠰᠲ᠋ᠧᠮ᠎ᠤᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠬᠤᠷᠠᠯ ᠳᠡᠭᠡᠷ᠎ᠡ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠮᠠᠰᠢ ᠶᠡᠬᠡ ᠣᠯᠤᠯᠲᠠ ᠣᠯᠤᠭᠰᠠᠨ ᠶᠤᠮ᠂ ᠡᠨᠡ ᠪᠣᠯ ᠳᠡᠭᠡᠳᠦ ᠱᠠᠲᠤᠨ᠎ᠤ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠵᠤᠬᠢᠶᠠᠨ ᠪᠠᠢ᠌ᠭᠤᠯᠤᠯᠳᠠ᠎ᠠᠴᠠ ᠮᠠᠨ᠎ᠤ ᠲᠤᠪᠴᠢᠶᠠᠨ᠎ᠤ 2017 ᠣᠨ᠎ᠤ ᠰᠢᠷᠭ᠋ᠠᠭᠤ ᠠᠵᠢᠯ᠎ᠳᠤ ᠦᠭᠭᠦᠭᠰᠡᠨ ᠦᠨᠡᠯᠡᠯᠳᠠ ᠪᠤᠯᠤᠨ᠎ᠠ᠂ ᠮᠦᠨ ᠴᠤ᠌ ᠮᠠᠨ᠎ᠤ ᠲᠣᠪᠴᠢᠶ᠎ᠠ ᠵᠢᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ 2018 ᠤᠨ᠎ᠤ ᠠᠵᠢᠯ᠎ᠳᠠᠬᠢ ᠭᠦᠢ᠍ᠴᠡᠳ ᠵᠤᠷᠢᠭᠵᠢᠭᠤᠯᠤᠯ ᠪᠠ ᠱᠠᠭ᠋ᠠᠷᠳᠠᠯᠭ᠎ᠠ ᠪᠤᠯᠤᠨ᠎ᠠ᠃
      ᠬᠣᠶ᠋ᠢᠰᠢᠳᠠ᠂ ᠬᠣᠷᠴᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ ᠡᠭᠦᠨ ᠵᠶ᠋ᠠᠷ ᠲᠣᠬᠢᠶᠠᠯ ᠪᠣᠯᠭ᠋ᠠᠵᠤ᠂ ᠠᠰᠢᠭᠲᠠᠶ ᠪᠠᠶ᠋ᠢᠳᠠᠯ᠎ᠤᠨ ᠡᠷᠴᠢᠨ᠎ᠳᠤ᠂ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠰᠤᠷᠭ᠋ᠠᠨ ᠬᠥᠮᠦᠵᠢᠯ ᠪᠠ ᠵᠠᠯᠠᠭᠤᠴᠤᠳ ᠪᠠᠭ᠋ᠠᠴᠤᠳ᠎ᠢ ᠬᠠᠯᠠᠮᠵᠢᠯᠠᠨ ᠬᠠᠢ᠌ᠷᠠᠯᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠰᠢᠵᠦ᠂ ᠨᠠᠮ ᠵᠠᠰᠠᠭ᠎ᠲᠠᠢ ᠰᠡᠳᠬᠢᠯ ᠵᠶ᠋ᠠᠨ ᠨᠢᠭᠡᠳᠬᠡᠵᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ᠂ ᠳᠤᠰ ᠪᠡᠶ᠎ᠡ ᠵᠢᠨ ᠪᠠᠶ᠋ᠢᠭᠤᠯᠤᠯᠲᠠ᠎ᠪᠠᠨ ᠲᠠᠰᠤᠷᠠᠯᠳᠠ ᠦᠭᠡᠢ ᠴᠢᠨᠭ᠌ᠭ᠋ᠠᠳᠬᠠᠵᠦ᠂ 《ᠨᠠᠷᠢᠯᠢᠭ ᠤᠨᠤᠪᠴᠢᠳᠠᠢ᠎ᠪᠠᠷ ᠶᠠᠳᠠᠭᠤ᠎ᠠᠴᠠ ᠠᠩᠵᠢᠷᠠᠭᠤᠯᠬᠤ ᠪᠡᠷᠬᠡ ᠰᠡᠳᠤᠪ᠎ᠢ ᠰᠢᠢ᠍ᠳᠪᠤᠷᠢᠯᠡᠬᠦ》 ᠵᠢᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠨ᠂ 《ᠨᠢᠭᠡ ᠨᠢᠭᠡ ᠵᠢᠨ ᠬᠠᠷᠠᠭ᠋ᠠᠯᠵᠠᠯ》 ᠬᠠᠪᠰᠤᠷᠤᠨ ᠲᠡᠳᠬᠦᠵᠦ ᠬᠠᠪᠰᠤᠷᠤᠨ ᠰᠤᠷᠭ᠋ᠠᠬᠤ ᠠᠵᠢᠯᠯᠠᠭ᠎ᠠ ᠵᠢ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠤᠨ ᠺᠣᠮᠢᠰ᠎ᠤᠨ ᠶᠠᠳᠠᠭᠤ ᠵᠢ ᠳᠡᠳᠬᠦᠬᠦ ᠦᠢ᠍ᠯᠡᠴᠢᠯᠡᠬᠡ ᠵᠢᠨ ᠴᠢᠬᠤᠯᠠ ᠨᠢᠭᠡᠨ ᠠᠭᠤᠯᠭ᠎ᠠ ᠪᠤᠯᠭ᠋ᠠᠨ᠎ᠠ᠃ ᠬᠠᠪᠰᠤᠷᠤᠨ ᠲᠡᠳᠬᠦᠵᠦ ᠬᠠᠪᠰᠤᠷᠤᠨ ᠰᠤᠷᠭ᠋ᠠᠬᠤ ᠠᠵᠢᠯᠯᠠᠭ᠎ᠠ᠎ᠪᠠᠷ ᠳᠠᠮᠵᠢᠭᠤᠯᠤᠨ ᠭᠡᠷ ᠵᠶ᠋ᠡᠨ ᠰᠠᠬᠢᠵᠦ ᠬᠣᠴᠣᠷᠤᠭᠰᠠᠨ ᠬᠦᠴᠢᠷᠳᠡᠯ᠎ᠲᠠᠢ ᠵᠠᠯᠠᠭᠤ ᠪᠠᠭ᠋ᠠᠴᠤᠳ᠎ᠤᠨ ᠠᠮᠢᠳᠤᠷᠠᠯ ᠰᠤᠷᠤᠯᠴᠠᠯᠭ᠎ᠠ ᠵᠢᠨ ᠲᠠᠯ᠎ᠠ᠎ᠪᠠᠷ᠎ᠬᠢ ᠵᠠᠷᠢᠮ ᠪᠣᠳᠠᠲᠠᠶ ᠠᠰᠠᠭᠤᠳᠠᠯ᠎ᠢ ᠦᠨᠡᠨᠬᠦ ᠬᠠᠪᠰᠤᠷᠠᠨ ᠰᠢᠢ᠍ᠳᠪᠤᠷᠢᠯᠡᠵᠦ᠂ ᠵᠠᠯᠠᠭᠤᠴᠤᠳ ᠪᠠᠭ᠋ᠠᠴᠤᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠨ᠎ᠠ᠃ ᠡᠯ᠎ᠡ ᠲᠠᠯ᠎ᠠ ᠵᠢᠨ ᠡᠬᠢ ᠪᠠᠶᠠᠯᠢᠭ᠎ᠢ ᠬᠤᠷᠠᠮᠳᠤᠭᠤᠯᠵᠤ᠂ 《ᠲᠠᠪᠤᠨ ᠠᠬᠠᠮᠠᠳ》 ᠠᠵᠢᠯᠯᠠᠭ᠋ᠠᠨ᠎ᠤ ᠬᠠᠯᠠᠮᠵᠢᠯᠠᠨ ᠬᠠᠢ᠌ᠷᠠᠯᠠᠬᠤ ᠠᠵᠢᠯ᠎ᠤᠨ ᠲᠤᠮᠳᠠᠬᠢ ᠣᠨᠴᠠᠭ᠋ᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠶ᠋ᠢᠴᠢ ᠦᠶ᠎ᠡ᠎ᠪᠠᠨ ᠬᠠᠷᠠᠭ᠋ᠠᠯᠵᠠᠬᠤ ᠠᠵᠢᠯ᠎ᠢ ᠰᠢᠨ᠎ᠡ ᠬᠡᠮᠵᠢᠶᠡᠨ᠎ᠳᠤ ᠬᠦᠷᠲᠡᠯ᠎ᠡ ᠲᠡᠭᠡᠭᠰᠢᠯᠡᠬᠦᠯᠵᠦ᠂ ᠵᠠᠯᠠᠭᠤ ᠪᠠᠭ᠋ᠠᠴᠤᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ᠎ᠳᠤ ᠲᠡᠰᠦᠷᠡᠯᠳᠠ ᠦᠭᠡᠢ ᠵᠦᠪ ᠡᠨᠧᠷᠭᠢ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠦᠪᠦᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠶ ᠵᠢᠨ ᠲᠤᠢ᠌ᠮᠠᠷ᠎ᠤᠨ ᠪᠠᠶ᠋ᠢᠳᠠᠯ᠎ᠤᠨ ᠵᠠᠯᠭ᠋ᠠᠮᠵᠢ ᠮᠡᠳᠡᠭᠦᠯᠦᠯᠲᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠠᠴᠠ ᠰᠢᠯᠢ ᠵᠢᠨ ᠭᠣᠣᠯ ᠠᠶ᠋ᠢᠮᠠᠭ᠎ᠤᠨ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠬᠦᠯᠦᠨ ᠪᠣᠶ᠋ᠢᠷ᠎ᠤᠨ ᠬᠠᠭᠤᠴᠢᠨ ᠪᠠᠷᠭᠤ ᠬᠣᠰᠢᠭᠤᠨ᠎ᠤ ᠣᠶ ᠰᠢᠭᠤᠶ ᠵᠢᠨ ᠲᠤᠪᠴᠢᠶ᠎ᠠ ᠵᠢᠨ ᠨᠠᠮ᠎ᠤᠨ ᠡᠭᠦᠷ᠎ᠠᠴᠠ《2018 ᠣᠨ᠎ᠤ ᠠᠯᠪᠠᠨ ᠵᠢᠷᠤᠮ᠎ᠤᠨ ᠮᠣᠳᠣ ᠲᠠᠷᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠰᠢᠮᠳᠠᠭᠣᠯᠬᠣ ᠳᠤᠭᠤᠶ᠋ᠢᠯᠠᠩ ᠥᠪᠥᠷ ᠮᠣᠩᠭᠣᠯ᠎ᠤᠨ ᠲᠦᠮᠡᠯᠵᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠢ᠌ᠷᠡᠵᠦ ᠰᠢᠮᠳᠠᠭᠣᠯᠣᠨ ᠪᠠᠶ᠋ᠢᠴᠠᠭ᠋ᠠᠬᠤ ᠵᠢ ᠦᠷᠨᠢᠬᠦᠯᠪᠠ
ᠰᠢᠯᠢ ᠵᠢᠨ ᠭᠣᠤᠯ ᠠᠶ᠋ᠢᠮᠠᠭ 2018 ᠣᠨ᠎ᠤ ᠳᠡᠭᠡᠷ᠎ᠡ ᠬᠠᠭ᠋ᠠᠰ ᠵᠢᠯ᠎ᠤᠨ ᠴᠢᠬᠢ ᠮᠤᠳᠤ ᠪᠣᠶ᠋ᠢᠵᠢᠭᠤᠯᠬᠤ ᠦᠢ᠍ᠯᠡᠳᠪᠦᠷᠢᠯᠡᠯ᠎ᠤᠨ ᠠᠵᠢᠯ᠎ᠢ ᠤᠷᠤᠭᠰᠢᠲᠠᠶ ᠪᠡᠶᠡᠯᠡᠬᠦᠯᠪᠠ
 
             蒙ICP备05000248号