ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠥᠨ ᠠᠭᠤᠯᠠ ᠮᠥᠨ ᠬᠡᠬᠦ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠬᠦᠯᠬᠦ ᠵᠢᠨ ᠲᠤᠰᠠᠳᠠ᠂ 5 ᠰᠠᠷ᠎ᠠ ᠵᠢᠨ 9᠎ᠤ ᠡᠳᠦᠷ᠂ ᠣᠶ ᠰᠢᠭᠤᠶ ᠵᠢᠨ ᠲᠤᠪᠴᠢᠶ᠎ᠠ ᠵᠢᠨ ᠨᠠᠮ᠎ᠤᠨ ᠡᠬᠦᠷ 《2018 ᠣᠨ᠎ᠤ ᠠᠯᠪᠠᠨ ᠵᠢᠷᠤᠮ᠎ᠤᠨ ᠮᠣᠳᠣ ᠲᠠᠷᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ᠃
ᠣᠶ ᠰᠢᠭᠤᠶ ᠵᠢᠨ ᠲᠤᠪᠴᠢᠶ᠎ᠠ ᠵᠢᠨ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠳ ᠪᠤᠯᠤᠨ ᠪᠦᠭᠦ ᠬᠣᠰᠢᠭᠤᠨ᠎ᠤ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠠᠴᠠ ᠬᠠᠮᠲᠤ᠎ᠪᠠᠷ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠋ᠠᠨ᠎ᠳᠤ ᠣᠷᠣᠯᠴᠠᠪᠠ᠃ ᠤᠯᠠᠨ ᠵᠶ᠋ᠠᠷ ᠵᠶ᠋ᠠᠨ ᠬᠠᠨᠴᠤᠶ ᠰᠢᠮᠠᠯᠠᠨ᠂ ᠵᠣᠷᠢᠭ ᠲᠡᠭᠦᠯᠳᠡᠷ ᠵᠶ᠋ᠡᠷ ᠬᠦᠨᠳᠦ ᠬᠡᠴᠡᠬᠦᠦ ᠠᠭᠤᠷ ᠠᠮᠢᠰᠬᠤᠯ᠎ᠲᠠᠢ ᠲᠡᠮᠡᠴᠡᠨ᠂ ᠨᠡᠶ᠋ᠢᠲᠡ 2000 ᠭᠠᠷᠤᠶ ᠰᠠᠦᠷᠢ ᠭᠠᠴᠤᠷ᠎ᠠ ᠮᠡᠲᠤ ᠵᠢᠨ ᠵᠤᠯᠵᠠᠭ᠎ᠠ ᠮᠣᠳᠣ ᠵᠢ ᠲᠠᠷᠢᠵᠦ᠂ ᠤᠰᠤᠯᠠᠯᠳᠠ ᠬᠢᠵᠠᠢ᠃
ᠬᠠᠭᠤᠴᠢᠨ ᠪᠠᠷᠭᠤ ᠬᠤᠰᠢᠭᠤᠨ᠎ᠤ ᠤᠢ ᠰᠢᠭᠤᠶ ᠵᠢᠨ ᠲᠣᠪᠴᠢᠶ᠎ᠠ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠬᠢᠬᠦ ᠵᠢ ᠪᠠᠷᠢᠮᠳᠠᠯᠠᠨ᠂ ᠨᠠᠷᠢᠨ ᠨᠢᠮᠪᠠᠶ ᠲᠦᠯᠦᠪᠵᠢᠬᠦᠯᠦᠨ ᠪᠠᠢ᠌ᠷᠢᠰᠢᠭᠤᠯᠵᠦ᠂ ᠬᠠᠭᠤᠴᠢᠨ ᠪᠠᠷᠭᠤ ᠬᠣᠰᠢᠭᠤᠨ᠎ᠤ ᠨᠤᠭᠤᠭ᠋ᠠᠨ ᠦᠩᠭᠡᠲᠦ ᠦᠵᠡᠮᠵᠢ ᠵᠢᠨ ᠣᠷᠣᠨ᠎ᠢ ᠪᠦᠬᠦ ᠲᠠᠯ᠎ᠠ᠎ᠪᠠᠷ ᠪᠤᠢ ᠪᠤᠯᠭ᠋ᠠᠪᠠ᠃ ᠮᠣᠳᠣ ᠲᠠᠷᠢᠬᠤ ᠬᠥᠳᠡᠯᠭᠡᠭᠡᠨ᠎ᠳᠤ ᠤᠷᠤᠯᠴᠠᠬᠤ ᠪᠣᠯ ᠠᠷᠠᠳ ᠢᠷᠭᠡᠨ ᠨᠢᠭᠡᠪᠦᠷᠢ ᠵᠢᠨ ᠬᠠᠤᠯᠢ᠎ᠳᠤ ᠲᠣᠭᠲᠠᠭ᠋ᠠᠭᠰᠠᠨ ᠡᠭᠦᠷᠭᠡ᠂ ᠪᠢᠳᠠ ᠪᠣᠳᠠᠲᠤ ᠠᠵᠢᠯᠯᠠᠭ᠎ᠠ᠎ᠪᠠᠷ ᠵᠶ᠋ᠠᠨ ᠥᠷᠭᠡᠨ ᠤᠯᠠᠨ ᠠᠷᠠᠳ ᠲᠦᠮᠡᠨ᠎ᠢ ᠲᠠᠢ᠌ᠴᠢᠯᠠᠨ ᠠᠯᠪᠠᠨ ᠵᠢᠷᠤᠮ᠎ᠤᠨ ᠮᠣᠳᠣ ᠲᠠᠷᠢᠬᠤ ᠬᠥᠳᠡᠯᠭᠡᠭᠡᠨ᠎ᠳᠤ ᠤᠷᠤᠯᠴᠠᠭᠤᠯᠵᠦ᠂ ᠨᠡᠶ᠋ᠢᠭᠡᠮ ᠳᠠᠶᠠᠭ᠋ᠠᠷ᠎ᠤᠨ ᠮᠣᠳᠣ ᠲᠠᠷᠢᠵᠤ ᠣᠶ᠋ᠢᠵᠢᠭᠤᠯᠬᠤ ᠢᠳᠡᠪᠬᠢᠵᠢᠯ᠎ᠢ ᠳᠡᠭᠡᠭᠰᠢᠯᠡᠭᠦᠯᠬᠦ ᠬᠡᠷᠡᠭᠲᠡᠶ᠃ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠵᠢ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ᠂ ᠨᠣᠭᠣᠭ᠋ᠠᠷᠠᠭᠤᠯᠬᠤ ᠢᠨᠵᠸᠨ᠋ᠸᠷᠢᠨᠭ᠎ᠢ ᠯᠠᠪᠳᠠᠭᠤᠨ ᠪᠠᠲᠤᠲᠠᠶ᠎ᠪᠠᠷ ᠰᠠᠶ᠋ᠢᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠲᠤᠰ ᠬᠣᠰᠢᠭᠤᠨ᠎ᠤ ᠨᠤᠭᠤᠭ᠋ᠠᠨ ᠦᠩᠭᠡᠲᠦ ᠭᠡᠷ ᠣᠷᠣᠨ᠎ᠤ ᠪᠠᠢ᠌ᠭᠤᠯᠤᠯᠳᠠ᠎ᠳᠤ ᠬᠤᠪᠢ ᠨᠡᠮᠡᠷᠢ᠎ᠪᠠᠨ ᠦᠵᠡᠬᠦᠯᠦᠨ᠎ᠡ᠃