ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠰᠢᠮᠳᠠᠭᠣᠯᠬᠣ ᠳᠤᠭᠤᠶ᠋ᠢᠯᠠᠩ ᠥᠪᠥᠷ ᠮᠣᠩᠭᠣᠯ᠎ᠤᠨ ᠲᠦᠮᠡᠯᠵᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠢ᠌ᠷᠡᠵᠦ ᠰᠢᠮᠳᠠᠭᠣᠯᠣᠨ ᠪᠠᠶ᠋ᠢᠴᠠᠭ᠋ᠠᠬᠤ ᠵᠢ ᠦᠷᠨᠢᠬᠦᠯᠪᠠ
ᠨᠡᠶ᠋ᠢᠲᠡᠯᠡᠭᠰᠡᠨ ᠴᠠᠭ᠄ 2018-06-25


      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

              ᠰᠦᠯᠵᠢᠶ᠎ᠡ ᠵᠢᠨ 6 ᠳ᠋ᠣᠭ᠋ᠠᠷ ᠰᠠᠷ᠎ᠠ ᠵᠢᠨ 12᠎ᠤᠨ ᠡᠳᠦᠷ᠎ᠤᠨ ᠮᠡᠳᠡᠭᠡ


     6 ᠰᠠᠷ᠎ᠠ ᠵᠢᠨ 4᠎ᠤ ᠡᠳᠦᠷ᠂ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠬᠠᠮᠠᠭ᠋ᠠᠯᠠᠯᠲᠠ ᠵᠢᠨ ᠣᠷᠣᠨ᠎ᠢ ᠨᠡᠭᠡᠭᠡᠨ ᠬᠥᠭᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠴᠡᠪᠡᠷᠯᠡᠵᠦ ᠴᠡᠭᠴᠡᠯᠡᠨ ᠵᠠᠰᠠᠬᠤ ᠠᠵᠢᠯᠯᠠᠭ᠎ᠠ ᠵᠢ ᠰᠢᠮᠳᠠᠭᠣᠯᠬᠣ ᠳᠤᠭᠤᠶ᠋ᠢᠯᠠᠩ᠎ᠤᠨ ᠰᠢᠶᠸ ᠰᠢᠶᠣᠣ ᠸᠸᠨ ᠭᠠᠵᠠᠷ᠎ᠤᠨ ᠳᠠᠷᠤᠭ᠎ᠠ᠂ ᠸᠠᠩ ᠯᠢᠶᠠᠨ ᠵᠢᠶᠦ᠋ᠨ ᠡᠷᠬᠢᠯᠡᠭᠴᠢ ᠵᠡᠷᠭᠡ 3 ᠬᠥᠮᠦᠨ ᠲᠦᠮᠡᠯᠵᠢ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠶ᠋ᠢᠷᠡᠨ᠂ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠢᠯᠭ᠋ᠠᠷᠠᠭᠤᠯᠵᠤ ᠴᠡᠭᠴᠡᠯᠡᠬᠦ ᠠᠵᠢᠯᠯᠠᠭ᠎ᠠ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠬᠢᠵᠦ ᠲᠤᠬᠠᠶ ᠵᠢᠨ ᠲᠠᠯᠠᠪᠤᠷ᠎ᠲᠤ ᠰᠢᠮᠳᠠᠭᠣᠯᠵᠠᠢ᠃
      ᠰᠢᠮᠳᠠᠭᠣᠯᠬᠣ ᠳᠤᠭᠤᠶ᠋ᠢᠯᠠᠩ᠎ᠤᠨ᠎ᠬᠢᠨ ᠲᠦᠮᠡᠯᠵᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠣᠷᠣᠨ᠎ᠤ ᠳᠣᠲᠣᠷ᠎ᠠ ᠪᠠᠢ᠌ᠷᠢᠯᠠᠵᠣ ᠪᠠᠢ᠌ᠭ᠎ᠠ ᠮᠦᠩᠭᠡ ᠮᠣᠷᠢᠨ᠎ᠤ ᠦᠢ᠍ᠯᠡᠰ᠂ ᠨᠠᠮᠬᠠᠳᠬᠠᠭᠯ ᠲᠣᠭᠣᠷᠢᠭ᠎ᠤᠨ ᠳᠣᠲᠣᠷ᠎ᠠ ᠲᠦᠮᠡᠯᠵᠢ ᠲᠣᠭᠣᠰᠬ᠎ᠠ ᠵᠢᠨ ᠦᠢ᠍ᠯᠡᠳᠪᠦᠷᠢ᠂ ᠠᠯᠳᠡᠨ ᠥᠨᠳᠡᠭᠡ ᠵᠢᠨ ᠠᠮᠢ ᠠᠬᠤᠶ ᠵᠢᠨ ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠬᠣᠷᠰᠢᠶ᠎ᠠ ᠵᠢᠴᠢ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ ᠳᠠᠭ᠋ᠠᠭᠤᠯᠢ ᠤᠳᠦᠠ ᠠᠯᠤᠰ ᠰᠡᠷᠡᠯ ᠬᠢᠨᠠᠨ ᠰᠢᠯᠭ᠋ᠠᠬᠤ ᠳᠤᠮᠳᠠ ᠣᠯᠵᠤ ᠮᠡᠳᠡᠭᠰᠡᠨ ᠬᠠᠶ᠋ᠢᠷᠠᠭᠤᠴᠠᠶ ᠭᠤᠤᠯ᠎ᠤᠨ ᠡᠮᠦᠨ᠎ᠡ ᠵᠢᠨ ᠡᠷᠭᠢ ᠲᠡᠦᠬᠡᠨ᠎ᠠᠴᠠ ᠪᠤᠢ ᠪᠣᠯᠤᠭᠰᠠᠨ ᠲᠦᠭᠦᠬᠡᠶ ᠡᠳ᠋ ᠠᠪᠬᠤ ᠲᠠᠯᠠᠪᠠᠶ᠂ ᠲᠦᠮᠡᠯᠵᠢ ᠪᠡᠯᠴᠢᠭᠡᠷ ᠵᠢᠷᠭᠤᠭ᠋ᠠᠨ ᠠᠩᠭᠢ ᠬᠢᠯᠢ ᠵᠢᠨ ᠳᠣᠲᠣᠷᠠᠬᠢ ᠬᠠᠶᠠᠭᠳᠠᠮᠠᠯ ᠵᠢᠭ᠋ᠠᠰᠤ ᠲᠡᠵᠢᠭᠡᠬᠦ ᠨᠠᠭᠤᠷ ᠵᠡᠷᠭᠡ 5 ᠭᠠᠵᠠᠷ᠎ᠲᠤ ᠤᠷᠢᠳ ᠬᠣᠵᠢᠳ ᠬᠦᠷᠴᠦ ᠭᠦᠨᠵᠡᠭᠡᠢ᠌ᠷᠡᠨ ᠲᠤᠬᠠᠢ ᠵᠢᠨ ᠭᠠᠵᠠᠷ᠎ᠲᠤᠨᠢ ᠪᠣᠳᠠᠲᠠᠶ ᠰᠢᠮᠳᠠᠭᠣᠯᠣᠨ ᠪᠠᠶ᠋ᠢᠴᠠᠭ᠋ᠠᠵᠡᠢ᠂ ᠲᠤᠬᠠᠶ ᠵᠢᠨ ᠭᠠᠵᠠᠷ᠎ᠲᠤᠨᠢ ᠰᠢᠮᠳᠠᠭᠤᠯᠤᠨ ᠪᠠᠶ᠋ᠢᠴᠠᠭ᠋ᠠᠬᠰᠠᠨ᠎ᠤ ᠳᠠᠷᠠᠭ᠎ᠠ᠂ ᠰᠢᠮᠳᠠᠭᠣᠯᠬᠣ ᠳᠤᠭᠤᠶ᠋ᠢᠯᠠᠩ ᠪᠣᠯᠤᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠬᠤ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠠᠷᠢᠯᠴᠠᠬᠤ ᠬᠤᠷᠠᠯ ᠬᠢᠪᠡ᠃
      ᠶᠠᠷᠢᠯᠴᠠᠬᠤ ᠬᠤᠷᠠᠯ ᠳᠡᠭᠡᠷ᠎ᠡ᠂ ᠲᠦᠮᠡᠯᠵᠢ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠬᠤ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠢᠦᠶ ᠴᠠᠩ ᠵᠢᠶᠠᠩ ᠨᠥᠬᠥᠷ ᠲᠦᠮᠡᠯᠵᠢ ᠬᠠᠮᠠᠭ᠋ᠠᠯᠠᠯᠲᠠ ᠵᠢᠨ ᠣᠷᠣᠨ᠎ᠤ ᠡᠮᠦᠨ᠎ᠡ ᠨᠢᠭᠡ ᠱᠠᠲᠤᠨ᠎ᠤ ᠢᠯᠭ᠋ᠠᠷᠠᠭᠤᠯᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠬᠦᠴᠢᠷ ᠪᠡᠷᠬᠡᠰᠢᠶᠡᠯ ᠪᠣᠯᠤᠨ ᠠᠰᠠᠭᠤᠳᠠᠯ᠎ᠢ ᠰᠢᠮᠳᠠᠭᠣᠯᠬᠣ ᠳᠤᠭᠤᠶ᠋ᠢᠯᠠᠩ᠎ᠤᠨ᠎ᠬᠢᠨ᠎ᠲᠠᠢ ᠨᠠᠷᠢᠨ ᠬᠠᠷᠢᠭᠤ ᠮᠡᠳᠡᠭᠦᠯᠦᠯᠲᠡ ᠬᠢᠵᠦ᠂ ᠰᠢᠮᠳᠠᠭᠣᠯᠬᠣ ᠳᠤᠭᠤᠶ᠋ᠢᠯᠠᠩ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠥᠷᠨᠢᠭᠦᠯᠦᠭᠰᠡᠨ ᠬᠠᠮᠠᠭ᠋ᠠᠯᠠᠯᠲᠠ ᠵᠢᠨ ᠣᠷᠣᠨ᠎ᠢ ᠨᠡᠭᠡᠭᠡᠨ ᠬᠥᠭᠵᠢᠭᠦᠯᠵᠦ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢ ᠢᠯᠭ᠋ᠠᠷᠠᠭᠤᠯᠵᠤ ᠴᠡᠭᠴᠡᠯᠡᠬᠦ ᠠᠵᠢᠯᠯᠠᠭ᠎ᠠ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠣᠯᠤᠭᠰᠠᠨ᠎ᠳᠤ ᠨᠤᠲᠠᠯᠠᠨ ᠢᠯᠡᠷᠬᠡᠢ᠍ᠯᠡᠯᠲᠡ ᠬᠢᠭᠰᠡᠨ ᠪᠦᠭᠡᠳ ᠡᠮᠦᠨᠡᠬᠢ ᠨᠢᠭᠡ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ ᠤᠯᠤᠰ᠎ᠤᠨ ᠤᠢ ᠰᠢᠭᠤᠶ ᠡᠪᠡᠰᠦ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠳᠤᠷᠠᠳᠤᠭᠰᠠᠨ 《2018 ᠨᠣᠭᠣᠭ᠋ᠠᠨ ᠪᠠᠮᠪᠠᠶ ᠠᠵᠢᠯᠯᠠᠭ᠎ᠠ》 ᠶᠤᠰᠣᠭ᠋ᠠᠷ ᠱᠠᠭ᠋ᠠᠷᠳᠠᠭᠰᠠᠨ᠎ᠨᠢ᠂ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠠᠵᠢᠯᠯᠠᠭ᠎ᠠ ᠡᠮᠬᠢ ᠵᠢᠷᠤᠮ᠎ᠲᠠᠢ ᠤᠬᠤᠷᠢᠨ ᠭᠠᠷᠴᠤ᠂ ᠠᠷᠢᠯᠭ᠋ᠠᠬᠤ᠂ ᠰᠡᠷᠭᠦᠭᠡᠬᠦ ᠠᠵᠢᠯ᠎ᠢ ᠦᠷᠬᠦᠯᠵᠢᠯᠡᠨ ᠶᠡᠬᠡ ᠡᠷᠴᠢᠮ ᠵᠶ᠋ᠠᠨ ᠴᠢᠩᠭ᠋ᠠᠷᠠᠭᠤᠯᠵᠤ ᠪᠡᠶᠡᠯᠡᠭᠦᠯᠬᠦ ᠬᠡᠷᠡᠭᠲᠡᠶ ᠪᠥᠭᠡᠳ ᠦᠷᠭᠦᠯᠵᠢᠯᠡᠨ ᠵᠢᠭᠰᠠᠭ᠋ᠠᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠠᠭ᠋ᠠᠯᠠᠯᠲᠠ ᠵᠢᠨ ᠣᠷᠣᠨ᠎ᠤ ᠡᠯ᠎ᠡ ᠴᠢᠳᠠᠮᠵᠢ ᠵᠢᠨ ᠣᠷᠣᠨ᠎ᠤ ᠳᠣᠲᠣᠷᠠᠬᠢ ᠬᠠᠤᠯᠢ ᠲᠣᠭᠲᠠᠭ᠋ᠠᠯ᠎ᠢ ᠵᠥᠷᠢᠴᠡᠨ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠬᠤ ᠦᠢ᠍ᠯᠡ ᠠᠵᠢᠯᠯᠠᠭ᠎ᠠ ᠵᠢ ᠭᠦᠨ ᠠᠭᠤᠳᠠᠯᠵᠤ᠂ ᠣᠯᠵᠤ ᠮᠡᠳᠡᠮᠡᠭᠴᠡ᠂ ᠲᠡᠷᠡ ᠳᠣᠣᠷ᠎ᠠ᠎ᠨᠢ ᠴᠠᠭ᠋ᠠᠵᠠᠯᠠᠵᠤ᠂ ᠠᠷᠢᠯᠭ᠋ᠠᠬᠤ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠬᠡᠷᠡᠭᠲᠡᠶ᠃ ᠣᠬᠣᠷᠬᠠᠨ ᠬᠤᠭᠤᠴᠠᠭ᠋ᠠᠨ᠎ᠤ ᠳᠣᠲᠣᠷ᠎ᠠ ᠪᠡᠶᠡᠯᠡᠭᠦᠯᠵᠦ ᠴᠢᠳᠠᠬᠤ ᠦᠭᠡᠢ ᠵᠢ᠎ᠨᠢ᠂ ᠲᠥᠯᠥᠪᠯᠡᠭᠡ᠎ᠲᠠᠢ᠂ ᠠᠯᠬᠤᠮ ᠬᠤᠪᠢᠶᠠᠨ ᠬᠡᠷᠡᠭᠵᠢᠭᠦᠯᠵᠦ᠂ ᠢᠯᠭ᠋ᠠᠷᠠᠭᠤᠯᠤᠨ ᠴᠡᠭᠴᠡᠯᠡᠬᠦ ᠠᠵᠢᠯ᠎ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃




ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ 2018 ᠣᠨ᠎ᠤ ᠳᠡᠭᠡᠷ᠎ᠡ ᠬᠠᠭ᠋ᠠᠰ ᠵᠢᠯ᠎ᠤᠨ ᠴᠢᠬᠢ ᠮᠤᠳᠤ ᠪᠣᠶ᠋ᠢᠵᠢᠭᠤᠯᠬᠤ ᠦᠢ᠍ᠯᠡᠳᠪᠦᠷᠢᠯᠡᠯ᠎ᠤᠨ ᠠᠵᠢᠯ᠎ᠢ ᠤᠷᠤᠭᠰᠢᠲᠠᠶ ᠪᠡᠶᠡᠯᠡᠬᠦᠯᠪᠠ
ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠲᠡᠮᠡᠭᠡᠴᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 2018 ᠣᠨ᠎ᠤ ᠪᠦᠬᠦ ᠤᠯᠤᠰ᠎ᠤᠨ ᠰᠢᠪᠠᠭᠤᠨ᠎ᠤ ᠲᠥᠷᠥᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠠᠵᠢᠭᠯᠠᠯᠲᠠ ᠵᠢᠨ ᠠᠵᠢᠯ᠎ᠢ ᠪᠡᠶᠡᠯᠡᠬᠦᠯᠪᠠ
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠬᠥᠯᠥᠨ ᠪᠣᠶ᠋ᠢᠷ ᠬᠣᠲᠠ ᠵᠢᠨ ᠪᠠᠶ᠋ᠢᠭ᠋ᠠᠯᠢ ᠵᠢᠨ ᠤᠢ ᠮᠣᠳᠣᠨ᠎ᠤ ᠡᠬᠢ ᠪᠠᠶᠠᠯᠢᠭ᠎ᠢ ᠬᠠᠮᠠᠭ᠋ᠠᠯᠠᠬᠤ ᠢᠨᠵᠧᠨᠧᠷᠢᠩ᠎ᠲᠤ ᠬᠣᠶᠠᠳᠤᠭ᠋ᠠᠷ ᠬᠤᠭᠤᠴᠠᠭ᠋ᠠᠨ᠎ᠤ ᠬᠢᠨᠠᠨ ᠪᠠᠢ᠌ᠴᠠᠭ᠋ᠠᠯᠳᠠ ᠬᠢᠵᠠᠢ
ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠫᠠᠨ ᠵᠢᠨ ᠱᠧᠩ ᠵᠡᠷᠭᠡ ᠬᠤᠩᠭᠤᠯᠵᠢ ᠣᠶ ᠰᠢᠭᠤᠶ ᠵᠢᠨ ᠲᠣᠪᠴᠢᠶ᠎ᠠ᠎ᠳᠤ ᠬᠦᠷᠴᠤ ᠪᠠᠶ᠋ᠢᠴᠠᠭ᠋ᠠᠨ ᠰᠤᠳᠤᠯᠤᠯᠲᠠ ᠪᠠ ᠵᠢᠯᠤᠭᠤᠳᠤᠯᠭ᠎ᠠ ᠬᠢᠪᠠ
ᠦᠬᠠᠶ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠰᠢᠭᠤᠶ᠋ᠢᠲᠤ ᠣᠷᠣᠨ᠎ᠤ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠲᠣᠣᠷ᠎ᠨᠢ ᠨᠡᠶ᠋ᠢᠭᠡᠮ᠎ᠤᠨ ᠠᠮᠤᠷ ᠲᠦᠪᠰᠢᠨ᠎ᠢ ᠠᠬᠢᠭᠤᠯᠬᠤ ᠶᠡᠷᠦᠩᠬᠡᠶ᠋ᠢᠯᠡᠨ ᠵᠠᠰᠠᠬᠤ ᠠᠵᠢᠯ᠎ᠤᠨ ᠳᠤᠮᠳᠠ ᠵᠠᠩᠭᠢᠯᠠᠭ᠎ᠠ ᠵᠢᠨ ᠦᠢ᠍ᠯᠡᠳᠦᠯ ᠦᠵᠡᠬᠦᠯᠪᠠ
 
             蒙ICP备05000248号