ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠬᠥᠯᠥᠨ ᠪᠣᠶ᠋ᠢᠷ ᠬᠣᠲᠠ ᠵᠢᠨ ᠪᠠᠶ᠋ᠢᠭ᠋ᠠᠯᠢ ᠵᠢᠨ ᠤᠢ ᠮᠣᠳᠣᠨ᠎ᠤ ᠡᠬᠢ ᠪᠠᠶᠠᠯᠢᠭ᠎ᠢ ᠬᠠᠮᠠᠭ᠋ᠠᠯᠠᠬᠤ ᠢᠨᠵᠧᠨᠧᠷᠢᠩ᠎ᠲᠤ ᠬᠣᠶᠠᠳᠤᠭ᠋ᠠᠷ ᠬᠤᠭᠤᠴᠠᠭ᠋ᠠᠨ᠎ᠤ ᠬᠢᠨᠠᠨ ᠪᠠᠢ᠌ᠴᠠᠭ᠋ᠠᠯᠳᠠ ᠬᠢᠵᠠᠢ
ᠨᠡᠶ᠋ᠢᠲᠡᠯᠡᠭᠰᠡᠨ ᠴᠠᠭ᠄ 2018-08-27

          ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                    ᠰᠦᠯᠵᠢᠶ᠎ᠡ ᠵᠢᠨ 6 ᠰᠠᠷ᠎ᠠ ᠵᠢᠨ 28᠎ᠤ ᠡᠳᠦᠷ᠎ᠤᠨ ᠮᠡᠳᠡᠭᠡ
     

      ᠪᠠᠢ᠌ᠭ᠋ᠠᠯᠢᠯᠢᠭ ᠤᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠬᠠᠷᠠᠯᠲᠠ᠂ ᠡᠭᠦᠷᠭᠡ᠂ ᠪᠡᠯᠡ ᠮᠦᠩᠬᠦ᠂ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ   ᠨᠠᠢ᠌ᠳᠠᠪᠤᠷᠢᠵᠢᠭᠤᠯᠵᠦ᠂ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢᠨ ᠲᠦᠯᠦᠭᠡ᠂ 2018 ᠣᠨ᠎ᠤ 6 ᠰᠠᠷ᠎ᠠ ᠵᠢᠨ 14᠎ᠠᠴᠠ 23᠎ᠤ ᠡᠳᠦᠷ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠭ᠋ᠠᠯᠢ ᠵᠢᠨ ᠤᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠬᠠᠮᠢᠶᠠᠷᠤᠯᠲᠠ ᠵᠢᠨ ᠲᠤᠪᠴᠢᠶ᠎ᠡ ᠵᠢᠨ ᠲᠠᠰᠤᠭ᠎ᠤᠨ ᠳᠠᠷᠤᠭ᠎ᠠ ᠪᠤᠯᠠᠭ᠂ ᠥᠪᠥᠷ ᠮᠣᠩᠭᠣᠯ᠎ᠤᠨ ᠬᠤᠶᠠᠳᠤᠭ᠋ᠠᠷ ᠤᠢ ᠰᠢᠭᠤᠶ ᠵᠢᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠡᠷᠬᠢᠯᠡᠭᠴᠢ ᠬᠠᠨ ᠰᠢᠶᠤᠤ ᠳ᠋ᠦᠩ ᠬᠠᠮᠳᠤ᠎ᠪᠠᠷ ᠬᠥᠯᠥᠨ ᠪᠣᠶ᠋ᠢᠷ ᠬᠣᠲᠠ ᠵᠢᠨ ᠠᠷᠤᠨ ᠬᠤᠰᠢᠭᠤ᠂ ᠵᠠᠯᠠᠨ ᠠᠢ᠌ᠯ᠂ ᠨᠠᠨ ᠮᠦ᠍᠂   ᠦᠨᠦᠷ᠂ ᠮᠢᠶᠠᠨ ᠳ᠋ᠦ᠋ ᠾᠧ ᠣᠶ ᠰᠢᠭᠤᠶ ᠵᠢᠨ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ᠎ᠤᠨ 2017 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠠᠷᠭᠤᠭᠤᠯᠤᠨ ᠪᠠᠢ᠌ᠴᠠᠭ᠋ᠠᠵᠦ ᠵᠢᠭ᠋ᠠᠨ ᠵᠢᠯᠤᠭᠤᠳᠴᠠᠢ᠃
      ᠬᠢᠨᠠᠨ ᠪᠠᠶ᠋ᠢᠴᠠᠭ᠋ᠠᠬᠤ ᠳᠤᠭᠤᠶ᠋ᠢᠯᠠᠩ 《ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ᠎ᠤᠨ ᠬᠣᠶᠠᠳᠤᠭ᠋ᠠᠷ ᠬᠤᠭᠤᠴᠠᠭ᠋ᠠᠨ᠎ᠤ ᠬᠠᠷᠭᠤᠭᠤᠯᠤᠨ ᠪᠠᠶ᠋ᠢᠴᠠᠭ᠋ᠠᠬᠤ ᠠᠷᠭ᠎ᠠ》᠎ᠳᠤ ᠲᠣᠭᠲᠠᠭ᠋ᠠᠭᠰᠠᠨ ᠦᠨᠳᠦᠰᠦ ᠪᠠᠷᠢᠮᠲᠠ᠂ ᠠᠭᠤᠯᠭ᠎ᠠ ᠪᠠ ᠠᠷᠭ᠎ᠠ ᠵᠢ ᠴᠢᠩᠭ᠎ᠠ ᠵᠢᠷᠤᠮᠯᠠᠨ ᠬᠠᠷᠭᠤᠭᠤᠯᠤᠨ ᠪᠠᠢ᠌ᠴᠠᠭ᠋ᠠᠵᠠᠢ᠃ ᠡᠯ᠎ᠡ ᠬᠡᠷᠡᠭᠵᠢᠭᠦᠯᠬᠦ ᠨᠢᠭᠡᠴᠡ ᠵᠢᠨ ᠲᠤᠬᠠᠶ ᠵᠢᠨ ᠲᠠᠯᠠᠪᠤᠷ᠎ᠲᠤ   ᠬᠠᠷᠭᠤᠭᠤᠯᠤᠨ ᠪᠠᠢ᠌ᠴᠠᠭ᠋ᠠᠭᠳᠠᠬᠤ ᠰᠤᠮᠤ ᠪᠠᠯᠭ᠋ᠠᠰᠤ (ᠣᠶ ᠰᠢᠭᠤᠶ ᠵᠢᠨ ᠲᠠᠯᠠᠪᠠᠶ)᠂ ᠲᠣᠰᠬᠣᠨ (ᠬᠠᠮᠢᠶᠠᠷᠤᠨ ᠬᠠᠮᠠᠭ᠋ᠠᠯᠠᠬᠤ ᠦᠷᠲᠡᠭᠡ) ᠪᠠ ᠤᠢ ᠰᠢᠭᠤᠶ ᠵᠢ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢᠨ ᠣᠷᠣᠨ᠂ ᠤᠢ ᠰᠢᠭᠤᠶ ᠵᠢ ᠪᠤᠢ᠌ᠵᠢᠭᠤᠯᠬᠤ ᠠᠵᠢᠯᠯᠠᠬᠤ ᠭᠠᠵᠠᠷ ᠵᠢᠴᠢ ᠤᠢ ᠰᠢᠭᠤᠶ ᠵᠢ ᠬᠠᠮᠢᠶᠠᠷᠤᠨ ᠬᠠᠮᠠᠭ᠋ᠠᠯᠠᠭᠰᠠᠳ᠎ᠢ ᠰᠤᠩᠭᠤᠨ ᠪᠠᠢ᠌ᠴᠠᠭ᠋ᠠᠪᠠ᠃ ᠪᠠᠢ᠌ᠭ᠋ᠠᠯᠢᠯᠢᠭ ᠤᠢ ᠵᠢ ᠠᠷᠠᠴᠢᠯᠠᠨ ᠬᠠᠮᠢᠶᠠᠷᠬᠤ ᠰᠢᠰᠲ᠋ᠧᠮ᠎ᠤᠨ ᠪᠠᠶ᠋ᠢᠭᠤᠯᠤᠯᠲᠠ᠂ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ᠎ᠤᠨ ᠲᠦᠷᠦ ᠵᠢᠨ ᠪᠤᠳᠤᠯᠭ᠎ᠠ ᠵᠢᠨ ᠨᠠᠢ᠌ᠳᠠᠪᠤᠷᠢᠵᠢᠭᠤᠯᠤᠯᠳᠠ᠂ ᠪᠡᠯᠡ ᠮᠥᠩᠭᠥ ᠵᠢᠨ ᠬᠡᠷᠡᠭᠯᠡᠯᠲᠡ ᠵᠡᠷᠭᠡ᠎ᠳᠤ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠵᠠᠳᠠᠯᠤᠯᠳᠠ ᠬᠢᠪᠡ᠃ ᠬᠥᠯᠥᠨ ᠪᠤᠢ᠌ᠷ ᠬᠤᠳᠠ ᠵᠢᠨ ᠲᠢᠶᠡᠠ ᠪᠦᠦ ᠢᠨᠵᠧᠨᠧᠷᠢᠩ᠎ᠤᠨ ᠣᠷᠣᠨ 2017 ᠣᠨ᠎ᠤ ᠠᠵᠢᠯ᠎ᠳᠤ ᠨᠡᠯᠢᠶᠡᠳ ᠰᠠᠢ᠌ᠨ ᠦᠷ᠎ᠡ ᠪᠦᠲᠦᠮᠵᠢ ᠤᠯᠪᠠ᠂ ᠬᠠᠮᠢᠶᠠᠷᠤᠨ ᠬᠠᠮᠠᠭ᠋ᠠᠯᠠᠬᠤ ᠲᠦᠷᠢᠮ᠎ᠢ ᠨᠠᠢ᠌ᠳᠠᠪᠤᠷᠢᠵᠢᠭᠤᠯᠬᠤ᠎ᠪᠠᠷ ᠳᠠᠮᠵᠢᠨ᠂ ᠬᠠᠤᠯᠢ ᠶᠣᠰᠣᠭ᠋ᠠᠷ ᠬᠠᠮᠢᠶᠠᠷᠤᠨ ᠬᠠᠮᠠᠭ᠋ᠠᠯᠠᠬᠤ ᠵᠢ ᠪᠡᠶᠡᠯᠡᠭᠦᠯᠵᠦ᠂ ᠤᠢ ᠰᠢᠭᠤᠶ ᠵᠢᠨ ᠲᠡᠯᠡᠪᠡᠢ ᠪᠠ ᠬᠤᠷᠠᠮᠳᠤᠯ᠎ᠤᠨ ᠬᠣᠣᠰ ᠨᠡᠮᠡᠭᠳᠡᠯ᠎ᠢ ᠪᠠᠲᠤᠯᠠᠭᠰᠠᠨ ᠪᠠᠶ᠋ᠢᠨ᠎ᠠ᠂ ᠤᠢ ᠰᠢᠭᠤᠶ ᠵᠢᠨ ᠶᠠᠰᠤ ᠴᠢᠨᠠᠷ ᠪᠣᠯᠤᠨ ᠪᠦᠷᠬᠦᠴᠡ ᠵᠢᠨ ᠨᠣᠷᠮ᠎ᠠ᠎ᠤᠨ ᠬᠤᠤᠰ ᠲᠡᠭᠡᠭᠰᠢᠯᠡᠯ᠎ᠢ ᠪᠠᠶᠡᠯᠡᠬᠦᠯᠵᠦ᠂ ᠬᠡᠳᠦᠨ ᠵᠢᠯ᠎ᠤᠨ ᠲᠤᠷᠰᠢ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢᠨ ᠲᠦᠷᠢᠮ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠤᠢ ᠰᠢᠭᠤᠶ ᠵᠢ ᠡᠪᠳᠡᠭᠰᠡᠨ ᠤᠢ ᠰᠢᠭᠤᠢ ᠵᠢᠨ ᠵᠠᠰᠠᠭ ᠵᠠᠬᠢᠷᠭ᠋ᠠᠨ᠎ᠤ ᠬᠡᠷᠡᠭ᠎ᠢ ᠪᠦᠲᠦᠮᠵᠢᠲᠡᠶ᠎ᠪᠠᠷ ᠪᠠᠭᠤᠷᠠᠭᠤᠯᠵᠠᠶ᠂ ᠴᠢᠬᠤᠯᠠ ᠶᠡᠬᠡ ᠤᠢ ᠰᠢᠭᠤᠶ ᠵᠢᠨ ᠶᠠᠪᠤᠳᠠᠯ᠂   ᠵᠠᠰᠠᠭ ᠵᠠᠬᠢᠷᠭ᠋ᠠᠨ᠎ᠤ ᠬᠡᠷᠡᠭ ᠭᠠᠷᠤᠭᠰᠠᠨ ᠦᠭᠡᠢ᠂ ᠲᠤᠷ᠎ᠠ᠎ᠪᠠᠷ ᠠᠩᠨᠠᠭᠰᠠᠨ᠂ ᠲᠤᠷ᠎ᠠ᠎ᠪᠠᠷ ᠮᠠᠯᠳᠠᠭᠰᠠᠨ ᠦᠵᠡᠭᠳᠡᠯ ᠢᠯᠡᠷᠡᠭᠰᠡᠨ ᠦᠭᠡᠢ᠂ ᠬᠥᠷᠥᠰᠥ ᠰᠢᠷᠣᠶ ᠵᠢᠨ ᠢᠳᠡᠭᠳᠡᠯ ᠪᠠ ᠠᠭᠤᠷ ᠠᠮᠢᠰᠬᠤᠯ᠎ᠤᠨ ᠨᠥᠬᠥᠴᠡᠯ ᠮᠡᠳᠡᠭᠳᠡᠬᠦᠶ᠋ᠢᠴᠡ ᠰᠠᠢ᠌ᠵᠢᠷᠠᠪᠠ; ᠬᠥᠳᠡᠭᠡ ᠠᠵᠤ ᠠᠬᠤᠶ᠂ ᠮᠠᠯ ᠠᠵᠤ ᠠᠬᠤᠶ᠂ ᠲᠡᠭᠦᠵᠦ ᠴᠤᠭᠯᠠᠭᠤᠯᠬᠤ ᠦᠢ᠍ᠯᠡᠰ ᠬᠦᠭᠵᠢᠪᠡ; ᠬᠡᠭᠡᠷ᠎ᠡ ᠵᠢᠨ ᠠᠮᠢᠲᠠᠨ ᠠᠭ᠋ᠠᠵᠢᠮ ᠵᠶ᠋ᠠᠷ ᠬᠥᠮᠦᠰ᠎ᠤᠨ ᠬᠠᠷᠠᠭ᠋ᠠᠨ᠎ᠳᠤ ᠦᠷᠳᠦᠭᠳᠡᠵᠡᠢ; ᠠᠮᠢᠳᠤ ᠪᠣᠳᠠᠰ᠎ᠤᠨ ᠬᠡᠰᠡᠭ ᠲᠠᠯ᠎ᠠ ᠵᠢᠨ ᠤᠯᠠᠨ ᠶᠠᠩᠵᠤ ᠵᠢᠨ ᠪᠠᠢ᠌ᠳᠠᠯ ᠨᠢᠭᠡᠨᠲᠡ ᠢᠯᠡᠷᠡᠵᠦ᠂ ᠪᠠᠶ᠋ᠢᠭ᠋ᠠᠯᠢ ᠵᠢᠨ ᠤᠢ ᠰᠢᠭᠤᠶ ᠵᠢᠨ ᠡᠬᠢ ᠪᠠᠶᠠᠯᠢᠭ ᠠᠮᠢᠵᠢᠷᠠᠨ ᠲᠡᠩᠭᠡᠷᠡᠭᠰᠡᠨ ᠪᠦᠭᠡᠳ ᠰᠡᠷᠬᠦᠯᠳᠠ ᠵᠢᠨ ᠴᠢᠨᠠᠷᠳᠡᠢ ᠬᠦᠭᠵᠢᠵᠡᠢ᠃ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠯ ᠪᠢᠳᠡᠨ᠎ᠤ ᠥᠭᠡᠳᠡ᠎ᠠᠴᠠ ᠠᠶ᠋ᠢᠰᠤᠶ᠂   ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ ᠨᠢᠭᠡᠨᠲᠡ ᠮᠠᠨ᠎ᠤ ᠤᠢ ᠰᠢᠭᠤᠶ ᠵᠢᠨ ᠥᠭᠡᠷᠡᠴᠢᠯᠡᠯᠲᠡ᠂ ᠬᠥᠭᠵᠢᠯᠲᠡ ᠪᠠ ᠬᠣᠴᠣᠷᠤᠩᠭᠤᠶ ᠳᠦᠷᠰᠦ ᠪᠠᠶ᠋ᠢᠳᠠᠯ᠎ᠠᠴᠠ ᠮᠤᠯᠳᠤᠷᠠᠬᠤ 《ᠠᠮᠢ ᠠᠪᠤᠷᠠᠯᠳᠠ ᠵᠢᠨ ᠢᠨᠵᠧᠨᠧᠷᠢᠩ》᠂ 《ᠠᠮᠢ ᠨᠠᠰᠤᠨ᠎ᠤ ᠢᠨᠵᠧᠨᠧᠷᠢᠩ》᠂  《ᠬᠦᠰᠡᠯᠠᠩ᠎ᠤᠨ ᠢᠨᠵᠧᠨᠧᠷᠢᠩ》   ᠪᠤᠯᠤᠭᠰᠠᠨ ᠪᠠᠢ᠌ᠨ᠎ᠠ᠃
      ᠣᠨᠴᠠᠭ᠋ᠠᠶ᠋ᠢᠯᠠᠨ 2015 ᠣᠨ᠎ᠳᠤ᠂ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶ᠎ᠠ ᠬᠣᠲᠠ ᠵᠢᠨ ᠵᠠᠰᠠᠭ᠎ᠤᠨ ᠣᠷᠳᠣᠨ᠎ᠠᠴᠠ 《ᠬᠥᠯᠥᠨ ᠪᠣᠶ᠋ᠢᠷ ᠬᠣᠲᠠ ᠵᠢᠨ ᠤᠢ ᠮᠣᠳᠣ ᠨᠤᠲᠤᠭ ᠪᠡᠯᠴᠢᠭᠡᠷ᠎ᠢ ᠡᠪᠳᠡᠭᠰᠡᠨ ᠠᠵᠢᠯᠯᠠᠭ᠋ᠠᠨ᠎ᠳᠤ ᠴᠣᠬᠢᠯᠲᠠ ᠥᠭᠬᠦ ᠲᠤᠰᠬᠠᠶ ᠠᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ》 ᠬᠤᠷᠠᠯᠳᠤᠭᠤᠯᠵᠦ᠂ 14 ᠬᠣᠰᠢᠭᠤ ᠬᠣᠲᠠ ᠣᠷᠣᠨ᠎ᠤ ᠭᠣᠣᠯ ᠪᠣᠯᠬᠤ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠤᠷᠤᠯᠴᠠᠵᠦ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠤᠯᠤᠰ᠎ᠤᠨ ᠨᠤᠲᠤᠭ ᠳᠡᠪᠢᠰᠬᠡᠷ᠎ᠤᠨ ᠲᠣᠪᠴᠢᠶ᠎ᠠ᠂ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠨᠤᠲᠤᠭ ᠪᠡᠯᠴᠢᠭᠡᠷ᠎ᠤᠨ ᠬᠢᠨᠠᠨ ᠬᠠᠮᠢᠶᠠᠷᠬᠤ ᠭᠠᠵᠠᠷ᠂ ᠣᠶ ᠰᠢᠭᠤᠶ ᠵᠢᠨ ᠲᠣᠪᠴᠢᠶ᠎ᠠ ᠪᠠ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠵᠡᠷᠭᠡ ᠰᠠᠯᠠᠭ᠎ᠠ ᠮᠦᠴᠢᠷ᠎ᠤᠳ᠎ᠲᠤ ᠬᠤᠯᠪᠤᠭᠳᠠᠭᠰᠠᠨ᠎ᠠᠴᠠ ᠨᠠᠰᠢ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ᠎ᠤᠨ ᠣᠷᠣᠨ 《ᠭᠠᠷᠭ᠋ᠠᠬᠤ᠎ᠠᠴᠠ ᠪᠢᠰᠢ ᠤᠷᠤᠭᠤᠯᠬᠤ ᠦᠭᠡᠢ》᠂ ᠪᠡᠯᠴᠢᠭᠡᠷᠯᠡᠭᠦᠯᠬᠦ ᠵᠢ ᠴᠠᠭ᠋ᠠᠵᠠᠯᠠᠨ ᠬᠢᠵᠠᠭ᠋ᠠᠷᠯᠠᠬᠤ ᠠᠷᠭ᠎ᠠ ᠬᠡᠮᠵᠢᠶ᠎ᠠ ᠵᠢ ᠪᠦᠬᠦ ᠲᠠᠯ᠎ᠠ᠎ᠪᠠᠷ ᠬᠡᠷᠡᠭᠵᠢᠬᠦᠯᠵᠦ᠂ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠧᠨᠧᠷᠢᠩ᠎ᠤᠨ ᠤᠷᠤᠨ᠎ᠤ   ᠪᠡᠯᠴᠢᠭᠡᠷᠯᠡᠭᠦᠯᠬᠦ ᠵᠢ ᠴᠠᠭ᠋ᠠᠵᠠᠯᠠᠭᠰᠠᠨ ᠲᠠᠯᠠᠪᠠᠢ 80 %᠎ᠳᠤ ᠬᠦᠷᠴᠤ᠂ ᠨᠡᠩ ᠴᠤ᠌ ᠪᠦᠬᠦ ᠲᠠᠯ᠎ᠠ᠎ᠪᠠᠷ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠪᠠᠲᠤ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃
      ᠪᠠᠶ᠋ᠢᠴᠠᠭ᠋ᠠᠬᠤ ᠳᠤᠭᠤᠶ᠋ᠢᠯᠠᠩ᠎ᠠᠴᠠ ᠡᠯ᠎ᠡ ᠬᠡᠷᠡᠭᠵᠢᠭᠦᠯᠬᠦ ᠨᠢᠭᠡᠴᠡ ᠵᠢᠨ ᠬᠠᠮᠢᠶᠠᠷᠤᠨ ᠬᠠᠮᠠᠭ᠋ᠠᠯᠠᠬᠤ ᠦᠷ᠎ᠡ ᠪᠦᠲᠦᠮᠵᠢ ᠵᠢ ᠦᠨᠡᠯᠡᠭᠰᠡᠨ᠎ᠤ ᠬᠠᠮᠲᠤ᠂ ᠣᠨᠴᠠ ᠵᠠᠷᠢᠮ ᠠᠰᠠᠭᠤᠳᠠᠯ᠎ᠳᠤ ᠪᠣᠳᠠᠲᠠᠶ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠠᠶ᠋ᠢᠨ᠎ᠠ᠃ ᠡᠯ᠎ᠡ ᠬᠡᠷᠡᠭᠵᠢᠭᠦᠯᠬᠦ   ᠨᠢᠭᠡᠴᠡ᠎ᠠᠴᠠ ᠪᠠᠶ᠋ᠢᠴᠠᠭ᠋ᠠᠬᠤ ᠳᠤᠭᠤᠶ᠋ᠢᠯᠠᠩ᠎ᠳᠤ ᠬᠠᠷᠢᠭᠤ ᠲᠤᠰᠬᠠᠭᠰᠠᠨ᠎ᠤ ᠳᠠᠷᠠᠭ᠎ᠠ ᠰᠠᠨᠠᠯ ᠵᠶ᠋ᠠᠨ ᠲᠤᠳᠤᠷᠬᠠᠢ ᠢᠯᠡᠷᠬᠡᠢ᠌ᠯᠡᠵᠦ᠂ ᠤᠬᠤᠷᠬᠠᠨ ᠬᠤᠭᠤᠴᠠᠭ᠋ᠠᠨ᠎ᠳᠤ ᠲᠤᠳᠠᠭᠳᠠᠯ᠎ᠲᠠᠢ ᠲᠠᠯ᠎ᠠ᠎ᠪᠠᠨ ᠪᠠᠢ᠌ᠴᠠᠭ᠋ᠠᠨ ᠨᠦᠬᠦᠪᠦᠷᠢᠯᠡᠵᠦ᠂ ᠳᠣᠲᠣᠭ᠋ᠠᠳᠤ ᠵᠢᠨ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠪᠦᠷᠢᠨ ᠲᠡᠭᠦᠯᠳᠡᠷ ᠪᠤᠯᠭ᠋ᠠᠨ᠂ ᠲᠣᠭᠣᠷᠢᠨ ᠬᠠᠮᠠᠭ᠋ᠠᠯᠠᠬᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠬᠦᠯᠵᠦ᠂ ᠨᠡᠩ ᠰᠠᠶ᠋ᠢᠨ ᠠᠵᠢᠯ᠎ᠤᠨ ᠬᠠᠨᠳᠤᠯᠭ᠎ᠠ᠎ᠲᠠᠢ᠎ᠪᠠᠷ ᠤᠯᠤᠰ᠎ᠤᠨ ᠣᠢ ᠰᠢᠭᠤᠶ ᠵᠢᠨ ᠲᠤᠪᠴᠢᠶ᠎ᠠ ᠵᠢᠨ ᠪᠠᠶ᠋ᠢᠴᠠᠭ᠋ᠠᠯᠲᠠ ᠵᠢ ᠤᠭᠳᠤᠶ᠎ᠠ ᠬᠡᠵᠠᠢ᠃

ᠢᠷᠡᠯᠲᠡ᠄ ᠬᠦᠯᠦᠨ ᠪᠤᠢ᠌ᠷ ᠬᠣᠲᠠ ᠵᠢᠨ ᠰᠢᠭᠣᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠫᠠᠨ ᠵᠢᠨ ᠱᠧᠩ ᠵᠡᠷᠭᠡ ᠬᠤᠩᠭᠤᠯᠵᠢ ᠣᠶ ᠰᠢᠭᠤᠶ ᠵᠢᠨ ᠲᠣᠪᠴᠢᠶ᠎ᠠ᠎ᠳᠤ ᠬᠦᠷᠴᠤ ᠪᠠᠶ᠋ᠢᠴᠠᠭ᠋ᠠᠨ ᠰᠤᠳᠤᠯᠤᠯᠲᠠ ᠪᠠ ᠵᠢᠯᠤᠭᠤᠳᠤᠯᠭ᠎ᠠ ᠬᠢᠪᠠ
ᠦᠬᠠᠶ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠰᠢᠭᠤᠶ᠋ᠢᠲᠤ ᠣᠷᠣᠨ᠎ᠤ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠲᠣᠣᠷ᠎ᠨᠢ ᠨᠡᠶ᠋ᠢᠭᠡᠮ᠎ᠤᠨ ᠠᠮᠤᠷ ᠲᠦᠪᠰᠢᠨ᠎ᠢ ᠠᠬᠢᠭᠤᠯᠬᠤ ᠶᠡᠷᠦᠩᠬᠡᠶ᠋ᠢᠯᠡᠨ ᠵᠠᠰᠠᠬᠤ ᠠᠵᠢᠯ᠎ᠤᠨ ᠳᠤᠮᠳᠠ ᠵᠠᠩᠭᠢᠯᠠᠭ᠎ᠠ ᠵᠢᠨ ᠦᠢ᠍ᠯᠡᠳᠦᠯ ᠦᠵᠡᠬᠦᠯᠪᠠ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ᠎ᠠᠴᠠ 2018 ᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠭᠣᠣᠯᠳᠠᠯᠭ᠎ᠠ᠎ᠲᠠᠢ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠦᠪᠦᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠶ ᠵᠢᠨ ᠲᠤᠢ᠌ᠮᠠᠷ᠎ᠤᠨ ᠪᠠᠶ᠋ᠢᠳᠠᠯ᠎ᠤᠨ ᠵᠠᠯᠭ᠋ᠠᠮᠵᠢ ᠮᠡᠳᠡᠭᠦᠯᠦᠯᠲᠡ (ᠬᠣᠶᠠᠷ)
ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ᠎ᠤ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠤᠩᠰᠢᠭᠤᠯ ᠰᠢᠪᠠᠭᠤ ᠮᠡᠲᠤ᠎ᠪᠠᠷ 《ᠤᠷᠤᠨ ᠨᠤᠳᠤᠭ ᠵᠶ᠋ᠠᠨ ᠰᠠᠬᠢᠨ ᠬᠠᠮᠠᠭ᠋ᠠᠯᠠᠶ᠎ᠠ》 ᠬᠡᠬᠦ ᠠᠵᠢᠯᠯᠠᠭ᠎ᠠ ᠦᠷᠨᠢᠬᠦᠯᠪᠡ
 
             蒙ICP备05000248号