ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠫᠠᠨ ᠵᠢᠨ ᠱᠧᠩ ᠵᠡᠷᠭᠡ ᠬᠤᠩᠭᠤᠯᠵᠢ ᠣᠶ ᠰᠢᠭᠤᠶ ᠵᠢᠨ ᠲᠣᠪᠴᠢᠶ᠎ᠠ᠎ᠳᠤ ᠬᠦᠷᠴᠤ ᠪᠠᠶ᠋ᠢᠴᠠᠭ᠋ᠠᠨ ᠰᠤᠳᠤᠯᠤᠯᠲᠠ ᠪᠠ ᠵᠢᠯᠤᠭᠤᠳᠤᠯᠭ᠎ᠠ ᠬᠢᠪᠠ
ᠨᠡᠶ᠋ᠢᠲᠡᠯᠡᠭᠰᠡᠨ ᠴᠠᠭ᠄ 2018-09-10

        ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                      ᠰᠦᠯᠵᠢᠶ᠎ᠡ ᠵᠢᠨ 6 ᠰᠠᠷ᠎ᠠ ᠵᠢᠨ 26᠎ᠤ ᠡᠳᠦᠷ᠎ᠤᠨ ᠮᠡᠳᠡᠭᠡ
   

     6 ᠰᠠᠷ᠎ᠠ ᠵᠢᠨ 22᠎ᠤ ᠡᠳᠦᠷ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠫᠠᠨ ᠵᠢᠨ ᠱᠧᠩ᠂ ᠳᠡᠳ᠋ ᠲᠣᠪᠴᠢᠶᠠᠨ ᠳᠠᠷᠤᠭ᠎ᠠ ᠯᠢ ᠲᠢᠶᠸ ᠴᠢᠶᠦ᠋ᠨ ᠵᠢᠴᠢ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠭᠠᠵᠠᠷ᠎ᠤᠨ ᠬᠠᠷᠢᠭᠤᠴᠠᠯᠭ᠋ᠠᠲᠠᠨ ᠬᠤᠩᠭᠤᠯᠵᠢ ᠣᠶ ᠰᠢᠭᠤᠶ ᠵᠢᠨ ᠲᠣᠪᠴᠢᠶ᠎ᠠ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠤᠭᠤᠳᠪᠠ᠃
      ᠶᠠᠭᠤᠨ᠎ᠤ ᠤᠷᠢᠳ ᠫᠠᠨ ᠵᠢᠨ ᠱᠧᠩ ᠵᠡᠷᠭᠡ ᠤᠳᠤᠷᠢᠳᠤᠯᠭ᠎ᠠ ᠪᠠᠷᠲᠤ ᠤᠢ ᠰᠢᠭᠤᠶ ᠵᠢᠨ ᠲᠠᠯᠠᠪᠠᠢ᠎ᠳᠤ ᠬᠦᠷᠴᠣ᠂ ᠬᠤᠩᠭᠤᠯᠵᠢ ᠤᠢ ᠰᠢᠭᠤᠢ ᠵᠢᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠬᠣᠯᠪᠣᠭᠳᠠᠯ ᠪᠦᠬᠦᠢ ᠰᠠᠯᠠᠭ᠎ᠠ ᠵᠢᠨ ᠬᠠᠷᠢᠭᠤᠴᠠᠯᠭ᠋ᠠᠲᠠᠨ᠂ ᠪᠡᠷᠲᠦ ᠵᠢᠨ ᠤᠢ ᠰᠢᠭᠤᠶ ᠵᠢᠨ ᠲᠠᠯᠠᠪᠠᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠎ᠲᠠᠢ ᠰᠠᠨᠠᠯ ᠵᠶ᠋ᠠᠨ ᠰᠣᠯᠢᠯᠴᠠᠵᠤ᠂ ᠬᠤᠩᠭᠤᠯᠵᠢ ᠤᠢ ᠰᠢᠭᠤᠶ ᠵᠢᠨ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠠᠶ᠋ᠢᠭᠤᠯᠤᠯᠲᠠ᠂ ᠤᠯᠤᠰ᠎ᠤᠨ ᠦᠮᠴᠢᠯᠡᠯᠳᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ᠂ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠠᠷᠭᠡᠢ᠌ᠯᠡᠯᠳᠠ᠂ ᠨᠤᠭᠤ ᠭᠠᠵᠠᠷ᠎ᠤᠨ ᠴᠡᠴᠡᠷᠯᠢᠭ᠎ᠤᠨ ᠪᠥᠳᠥᠭᠡᠨ ᠪᠠᠶ᠋ᠢᠭᠤᠯᠤᠯᠲᠠ ᠵᠡᠷᠭᠡ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠤᠨᠤᠰᠤᠭᠰᠠᠨ ᠮᠦᠷᠳᠡᠭᠡᠨ ᠵᠢᠯᠣᠭᠣᠳᠬᠤ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶ᠋ᠢᠨ᠎ᠠ᠃
      ᠫᠠᠨ ᠵᠢᠨ ᠱᠧᠩ ᠬᠤᠩᠭᠤᠯᠵᠢ ᠤᠢ ᠰᠢᠭᠤᠶ ᠵᠢᠨ ᠲᠣᠪᠴᠢᠶ᠎ᠠ ᠵᠢᠨ ᠳᠡᠭᠡᠷ᠎ᠡ ᠬᠠᠭ᠋ᠠᠰ ᠵᠢᠯ᠎ᠤᠨ ᠠᠵᠢᠯ᠎ᠢ ᠬᠦᠢ᠍ᠴᠡᠳ ᠨᠤᠳᠠᠯᠠᠭᠰᠠᠨ ᠮᠦᠷᠳᠡᠭᠡᠨ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠴᠠᠶ᠃ ᠨᠢᠭᠡ᠎ᠳᠤ᠂ ᠤᠯᠤᠰ᠎ᠤᠨ ᠦᠮᠴᠢᠯᠡᠯᠳᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠢ ᠬᠢᠨᠠᠮᠠᠭ᠋ᠠᠶ ᠰᠠᠢ᠌ᠨ ᠬᠢᠨ᠎ᠡ᠃ ᠠᠵᠢᠯ᠎ᠤᠨ ᠪᠠᠶ᠋ᠢᠷᠢ ᠵᠢᠨ ᠵᠠᠭ᠋ᠠᠭᠯᠠᠬᠤ ᠪᠠᠷᠢᠮᠵᠢᠶ᠎ᠠ ᠵᠢ ᠴᠢᠩᠭ᠎ᠠ ᠵᠢᠷᠤᠮᠯᠠᠨ ᠮᠠᠭ᠋ᠠᠳᠯᠠᠨ ᠲᠣᠭᠲᠠᠭ᠋ᠠᠵᠤ᠂ ᠲᠡᠰ ᠲᠡᠰ ᠵᠶ᠋ᠡᠷ ᠠᠳᠬᠤᠨ᠎ᠠ᠃ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠰᠠᠢ᠌ᠨ ᠤᠢ᠌ᠯᠠᠭ᠋ᠠᠵᠦ᠂ ᠠᠵᠢᠯᠳᠡᠨ ᠠᠵᠢᠯᠴᠢᠳ᠎ᠲᠤ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠰᠠᠶ᠋ᠢᠲᠤᠷ ᠤᠬᠠᠭᠤᠯᠵᠦ᠂ ᠡᠯ᠎ᠡ ᠵᠦᠢ᠍ᠯ᠎ᠤᠨ ᠠᠵᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ᠂ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠤᠢ ᠮᠣᠳᠣ ᠨᠤᠲᠤᠭ ᠪᠡᠯᠴᠢᠭᠡᠷ᠎ᠢ ᠡᠪᠳᠡᠬᠦ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠬᠢᠨᠠᠮᠠᠭ᠋ᠠᠶ ᠰᠠᠶ᠋ᠢᠲᠤᠷ ᠥᠷᠨᠢᠭᠦᠯᠵᠦ᠂ ᠠᠮᠢ ᠠᠬᠤᠶ ᠵᠢᠨ ᠤᠯᠠᠭ᠋ᠠᠨ ᠱᠤᠭᠤᠮ᠎ᠢ ᠡᠷᠡᠰ ᠰᠠᠬᠢᠨ᠎ᠠ᠃ 《ᠬᠣᠶᠠᠷ ᠮᠥᠷ ᠨᠢᠭᠡ ᠪᠦᠰᠡ》 ᠣᠶ᠋ᠢᠵᠢᠭᠤᠯᠬᠤ ᠵᠠᠭᠪᠤᠷ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠡᠬᠢ ᠪᠠᠶᠠᠯᠢᠭ᠎ᠢ ᠠᠰᠢᠭᠯᠠᠬᠤ ᠨᠤᠷᠮ᠎ᠠ ᠵᠢ ᠪᠦᠲᠦᠮᠵᠢᠲᠡᠶ ᠲᠡᠭᠡᠭᠰᠢᠯᠡᠬᠦᠯᠦᠨ᠎ᠡ᠃ ᠬᠠᠮᠢᠶᠠᠷᠤᠨ ᠬᠠᠮᠠᠭ᠋ᠠᠯᠠᠬᠤ ᠥᠷᠳᠡᠭᠡ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠪᠠᠢ᠌ᠭ᠋ᠠᠯᠢ ᠵᠢᠨ ᠤᠢ ᠵᠢ ᠬᠠᠮᠠᠭ᠋ᠠᠯᠠᠬᠤ ᠢᠨᠵᠸᠨ᠋ᠸᠷᠢᠩ᠎ᠤᠨ ᠠᠵᠢᠯ᠎ᠤᠨ ᠶᠠᠪᠤᠭᠳᠠᠭᠤᠯᠬᠤ ᠲᠥᠰᠦᠯ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ᠂ ᠵᠦᠢ ᠵᠣᠬᠢᠰᠲᠠᠶ ᠪᠠᠢ᠌ᠷᠢᠰᠢᠭᠤᠯᠤᠨ᠎ᠠ᠃ ᠲᠣᠭᠣᠷᠢᠨ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠶᠤᠨᠲᠤ   ᠲᠣᠭᠣᠷᠢᠨ ᠬᠠᠮᠠᠭ᠋ᠠᠯᠠᠬᠤ ᠪᠠ ᠠᠶᠠᠯᠠᠯ᠎ᠤᠨ ᠮᠥᠷ᠎ᠤᠨ ᠬᠠᠮᠢᠶᠠᠷᠤᠯᠲᠠ᠎ᠪᠠᠷ ᠳᠠᠮᠵᠢᠭᠤᠯᠤᠨ᠂ ᠬᠠᠮᠢᠶᠠᠷᠤᠨ ᠬᠠᠮᠠᠭ᠋ᠠᠯᠠᠭᠰᠠᠳ ᠎ᠤᠨ ᠦᠢ᠍ᠯᠡᠳᠦᠯ᠎ᠢ ᠪᠦᠲᠦᠮᠵᠢᠲᠡᠶ᠎ᠪᠠᠷ ᠪᠠᠳᠠᠷᠠᠭᠤᠯᠤᠨ᠎ᠠ᠃ ᠭᠠᠯ ᠰᠡᠷᠭᠡᠶ᠋ᠢᠯᠡᠬᠦ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠠᠶᠤᠩᠭ᠎ᠠ ᠨᠢᠷᠭᠡᠯᠳᠠ ᠵᠢᠨ ᠭᠠᠯ᠎ᠢ ᠰᠡᠷᠭᠡᠶ᠋ᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠭᠤᠷᠪᠠ᠎ᠳᠤ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠲᠦᠷᠪᠡᠨ ᠤᠬᠠᠮᠰᠠᠷ》᠎ᠢ ᠪᠠᠲᠤ ᠪᠡᠬᠢ ᠪᠤᠢ ᠪᠣᠯᠭ᠋ᠠᠵᠤ᠂ 《ᠬᠣᠶᠠᠷ ᠬᠠᠷᠢᠭᠤᠴᠠᠯᠭ᠎ᠠ》 ᠵᠢ ᠬᠢᠨᠠᠮᠠᠭ᠋ᠠᠶ   ᠨᠠᠶ᠋ᠢᠳᠠᠪᠤᠷᠢᠵᠢᠭᠤᠯᠵᠤ᠂ ᠤᠳᠤᠷᠢᠳᠬᠤ ᠪᠠᠭ᠎ᠤᠨ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠵᠦ᠂ ᠳᠡᠭᠡᠳᠦ ᠱᠠᠲᠤᠨ᠎ᠤ ᠰᠢᠢᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠬᠦᠢ᠍ᠴᠡᠳᠬᠡᠨ᠎ᠠ᠃ ᠲᠦᠷᠪᠡ᠎ᠳᠤ᠂ ᠠᠵᠢᠯ᠎ᠢ ᠵᠢᠷᠤᠮᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠭᠤᠷᠪᠠᠨ ᠴᠢᠬᠤᠯᠠ ᠨᠢᠭᠡ ᠶᠡᠬᠡ》 ᠵᠢᠨ ᠮᠡᠳᠡᠭᠦᠯᠦᠯᠲᠡ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠪᠠ ᠰᠢᠪᠠᠳᠠᠨ ᠰᠢᠢᠳᠪᠦᠷᠢᠯᠡᠭᠦᠯᠬᠦ ᠬᠠᠷᠢᠭᠤ ᠲᠤᠰᠬᠠᠯᠳᠠ ᠵᠢ ᠰᠠᠶ᠋ᠢᠲᠤᠷ ᠠᠳᠬᠤᠨ᠎ᠠ  ᠃
      ᠡᠬᠦᠨ᠎ᠤ ᠳᠠᠷᠠᠭ᠎ᠠ᠎ᠳᠤ᠂ ᠫᠠᠨ ᠵᠢᠨ ᠱᠧᠩ ᠨᠠᠷ ᠳᠧᠦ ᠳ᠋ᠤᠤ ᠴᠢᠶᠣᠤ ᠤᠢ ᠰᠢᠭᠤᠶ ᠵᠢᠨ ᠲᠠᠯᠠᠪᠠᠢ᠂ ᠪᠤᠭᠤᠨᠳᠤ ᠤᠢ ᠰᠢᠭᠤᠶ ᠵᠢᠨ ᠲᠠᠯᠠᠪᠠᠢ ᠪᠣᠯᠤᠨ ᠡᠯ᠎ᠡ ᠬᠠᠮᠢᠶᠠᠷᠴᠤ ᠬᠠᠮᠠᠭ᠋ᠠᠯᠠᠬᠤ ᠦᠷᠳᠡᠭᠡ᠎ᠳᠤ   ᠭᠦᠨᠵᠡᠭᠡᠶ᠋ᠢᠷᠡᠨ᠂ ᠨᠢᠭᠡᠳᠦᠭᠡᠷ ᠹᠷᠣᠨᠲ᠎ᠤᠨ ᠬᠠᠮᠢᠶᠠᠷᠤᠨ ᠬᠠᠮᠠᠭ᠋ᠠᠯᠠᠭᠰᠠᠳ᠎ᠢ ᠡᠷᠭᠢᠨ ᠦᠵᠡᠭᠰᠡᠨ ᠮᠦᠷᠳᠡᠭᠡᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ᠂ ᠤᠢ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠠᠵᠢᠯ᠎ᠢ   ᠵᠤᠯᠭ᠋ᠠᠭᠤᠯᠤᠨ ᠵᠢᠯᠤᠭᠤᠳᠪᠠ᠃ (  ᠤᠯᠠᠭ᠋ᠠᠨᠪᠠᠷᠰ)

ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠰᠢᠭᠤᠶ᠋ᠢᠲᠤ ᠣᠷᠣᠨ᠎ᠤ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠲᠣᠣᠷ᠎ᠨᠢ ᠨᠡᠶ᠋ᠢᠭᠡᠮ᠎ᠤᠨ ᠠᠮᠤᠷ ᠲᠦᠪᠰᠢᠨ᠎ᠢ ᠠᠬᠢᠭᠤᠯᠬᠤ ᠶᠡᠷᠦᠩᠬᠡᠶ᠋ᠢᠯᠡᠨ ᠵᠠᠰᠠᠬᠤ ᠠᠵᠢᠯ᠎ᠤᠨ ᠳᠤᠮᠳᠠ ᠵᠠᠩᠭᠢᠯᠠᠭ᠎ᠠ ᠵᠢᠨ ᠦᠢ᠍ᠯᠡᠳᠦᠯ ᠦᠵᠡᠬᠦᠯᠪᠠ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ᠎ᠠᠴᠠ 2018 ᠣᠨ᠎ᠤ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠭᠣᠣᠯᠳᠠᠯᠭ᠎ᠠ᠎ᠲᠠᠢ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠦᠪᠦᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠶ ᠵᠢᠨ ᠲᠤᠢ᠌ᠮᠠᠷ᠎ᠤᠨ ᠪᠠᠶ᠋ᠢᠳᠠᠯ᠎ᠤᠨ ᠵᠠᠯᠭ᠋ᠠᠮᠵᠢ ᠮᠡᠳᠡᠭᠦᠯᠦᠯᠲᠡ (ᠬᠣᠶᠠᠷ)
ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ᠎ᠤ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠤᠩᠰᠢᠭᠤᠯ ᠰᠢᠪᠠᠭᠤ ᠮᠡᠲᠤ᠎ᠪᠠᠷ 《ᠤᠷᠤᠨ ᠨᠤᠳᠤᠭ ᠵᠶ᠋ᠠᠨ ᠰᠠᠬᠢᠨ ᠬᠠᠮᠠᠭ᠋ᠠᠯᠠᠶ᠎ᠠ》 ᠬᠡᠬᠦ ᠠᠵᠢᠯᠯᠠᠭ᠎ᠠ ᠦᠷᠨᠢᠬᠦᠯᠪᠡ
ᠰᠢᠯᠢ ᠵᠢᠨ ᠭᠣᠣᠯ ᠠᠶ᠋ᠢᠮᠠᠭ᠎ᠤᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ ᠮᠡᠳᠡᠭᠳᠡᠬᠦᠶ᠋ᠢᠴᠡ ᠦᠷ᠎ᠡ ᠪᠦᠲᠦᠮᠵᠢ ᠤᠯᠪᠠ
 
             蒙ICP备05000248号