ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠸᠠᠩ ᠢᠦᠢ ᠹᠸᠩ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ᠂ ᠠᠮᠢ ᠠᠬᠤᠶ ᠤᠷᠴᠢᠨ ᠲᠤᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠨᠤᠲᠤᠭ ᠪᠡᠯᠴᠢᠭᠡᠷ᠎ᠤᠨ ᠬᠠᠶ᠋ᠢᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠡᠯᠡᠩ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠠᠮᠢ ᠨᠠᠰᠤ ᠪᠠ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠥᠯᠥᠨ ᠪᠣᠶ᠋ᠢᠷ᠎ᠤᠨ ᠴᠡᠷᠢᠭ᠎ᠤᠨ ᠬᠤᠪᠢᠶᠠᠷᠢ ᠲᠣᠭᠣᠷᠢᠭ᠎ᠤᠨ ᠪᠠᠶ᠋ᠢᠯᠳᠤᠬᠤ ᠪᠤᠳᠤᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ᠎ᠤᠨ ᠬᠣᠯᠪᠣᠭᠳᠠᠯ ᠪᠦᠬᠦᠢ ᠬᠥᠮᠦᠰ ᠵᠶ᠋ᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠳᠠᠭ᠋ᠠᠭᠤᠯᠵᠦ᠂ ᠬᠥᠯᠥᠨ ᠪᠤᠢ᠌ᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠬᠦᠷᠴᠤ᠂ ᠨᠤᠲᠤᠭ ᠪᠡᠯᠴᠢᠭᠡᠷ᠎ᠤᠨ ᠬᠦᠷᠢᠶ᠎ᠡ ᠬᠡᠷᠡᠰᠭᠡ ᠵᠢᠨ ᠪᠠᠶ᠋ᠢᠭᠤᠯᠤᠯᠲᠠ᠎ᠤᠨ ᠠᠵᠢᠯ᠎ᠢ ᠵᠢᠭ᠋ᠠᠨ ᠵᠢᠯᠤᠭᠤᠳᠴᠤ᠂ ᠵᠡᠭᠡᠷ᠎ᠡ ᠵᠡᠷᠭᠡ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠢ ᠴᠢᠩᠭ᠋ᠠᠳᠬᠠᠪᠠ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠠᠴᠠ ᠬᠢᠯᠢ ᠵᠢᠨ ᠲᠠᠪᠤᠨ ᠮᠠᠯᠴᠢᠨ ᠡᠷᠦᠬᠡ᠎ᠳᠤ ᠠᠢ᠌ᠯᠴᠢᠯᠠᠨ᠂ ᠬᠢᠯᠢ᠎ᠳᠤ ᠣᠷᠣᠵᠤ ᠢᠷᠡᠭᠰᠡᠨ ᠬᠡᠭᠡᠷ᠎ᠡ ᠵᠢᠨ ᠵᠡᠭᠡᠷ᠎ᠡ ᠵᠢᠨ ᠤᠷᠤᠩᠨᠠᠵᠦ ᠪᠠᠢ᠌ᠭ᠎ᠠ ᠪᠠᠶ᠋ᠢᠳᠠᠯ᠂ ᠮᠠᠯᠴᠢᠳ᠎ᠤᠨ ᠬᠦᠷᠢᠶ᠎ᠡ ᠬᠡᠷᠡᠰᠭᠡ ᠵᠢᠨ ᠪᠠᠶ᠋ᠢᠭᠤᠯᠤᠯᠲᠠ ᠵᠢᠨ ᠪᠠᠶ᠋ᠢᠳᠠᠯ ᠵᠢᠴᠢ ᠬᠡᠭᠡᠷ᠎ᠡ ᠵᠢᠨ ᠵᠡᠭᠡᠷ᠎ᠡ᠎ᠳᠤ ᠦᠵᠡᠬᠦᠯᠦᠭᠰᠡᠨ ᠨᠦᠯᠦᠭᠡ ᠵᠢ ᠨᠠᠷᠢᠨ ᠤᠢ᠌ᠯᠠᠭ᠋ᠠᠪᠠ᠃ ᠲᠡᠷᠡᠭ᠎ᠠ᠎ᠨᠢ ᠬᠢᠯᠢ ᠵᠢᠨ ᠲᠤᠳᠤᠷᠠᠬᠢ ᠵᠡᠭᠡᠷ᠎ᠡ ᠵᠢᠨ ᠣᠷᠣᠰᠢᠨ ᠠᠮᠢᠳᠤᠷᠠᠵᠦ ᠪᠠᠢ᠌ᠭ᠎ᠠ ᠪᠤᠶᠤ ᠤᠷᠤᠩᠨᠠᠵᠦ ᠪᠠᠢ᠌ᠭ᠎ᠠ ᠪᠠᠶ᠋ᠢᠳᠠᠯ᠎ᠢ ᠲᠣᠭᠣᠷᠢᠨ ᠪᠠᠢ᠌ᠴᠠᠭ᠋ᠠᠵᠦ᠂ ᠮᠢᠩᠭ᠎ᠠ ᠭᠠᠷᠤᠶ ᠬᠡᠭᠡᠷ᠎ᠡ ᠵᠢᠨ ᠵᠡᠭᠡᠷ᠎ᠡ ᠵᠢ ᠤᠯᠵᠦ ᠮᠡᠳᠡᠪᠡ᠃ ᠡᠨᠡ ᠰᠦᠷᠦᠭ ᠵᠡᠭᠡᠷ᠎ᠡ ᠭᠣᠣᠯᠳᠠᠭᠤ 0 ᠳ᠋ᠤᠭ᠋ᠠᠷ ᠨᠣᠮᠧᠷᠲᠤ ᠬᠢᠯᠢ ᠵᠢᠨ ᠱᠤᠭᠤᠮ᠎ᠠᠴᠠ ᠳᠤᠮᠳᠠᠳᠤ ᠣᠷᠣᠰ ᠮᠣᠩᠭᠣᠯ᠎ᠤᠨ ᠬᠢᠯᠢ ᠳᠠᠭ᠋ᠠᠤ ᠰᠦᠷᠦᠭᠯᠡᠨ ᠢᠳᠡᠰᠢ ᠡᠷᠢᠵᠦ᠂ ᠤᠷᠤᠩᠨᠠᠵᠦ᠂ ᠪᠠᠷᠭᠤ ᠵᠢᠨ ᠵᠡᠭᠡᠷ᠎ᠡ ᠵᠢᠨ ᠬᠠᠮᠠᠭ᠋ᠠᠯᠠᠯᠲᠠ ᠵᠢᠨ ᠣᠷᠣᠨ᠎ᠳᠤ ᠮᠦᠨ 800 ᠭᠠᠷᠤᠢ ᠬᠡᠭᠡᠷ᠎ᠡ ᠵᠢᠨ ᠵᠡᠭᠡᠷ᠎ᠡ ᠤᠷᠤᠩᠨᠠᠵᠦ ᠪᠤᠢ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠬᠢᠯᠢ ᠵᠢᠨ ᠵᠡᠭᠡᠷ᠎ᠡ ᠵᠢᠨ ᠣᠷᠣᠰᠢᠨ ᠠᠮᠢᠳᠤᠷᠠᠵᠦ ᠪᠠᠢ᠌ᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠳᠦᠷᠰᠦ ᠵᠢᠨ ᠰᠦᠷᠦᠭ᠎ᠤᠨ ᠡᠬᠢ ᠪᠠᠶᠠᠯᠢᠭ ᠵᠢᠴᠢ ᠲᠣᠭ᠎ᠠ ᠬᠡᠮᠵᠢᠶᠡᠨ᠎ᠤ ᠬᠤᠪᠢᠷᠠᠯᠲᠠ ᠵᠢᠨ ᠪᠠᠶ᠋ᠢᠳᠠᠯ᠎ᠢ ᠨᠠᠷᠢᠨ ᠤᠢ᠌ᠯᠭ᠋ᠠᠭᠰᠠᠨᠤ ᠳᠠᠷᠠᠭ᠎ᠠ᠂ 2 ᠰᠠᠷ᠎ᠠ ᠵᠢᠨ 26᠎ᠤ ᠡᠳᠦᠷ᠎ᠤᠨ ᠦᠳᠡ ᠵᠢᠨ ᠬᠣᠶ᠋ᠢᠨ᠎ᠠ ᠬᠥᠯᠥᠨ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠬᠤᠷᠠᠯ᠎ᠤᠨ ᠬᠡᠷ᠎ᠲᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠬᠥᠯᠥᠨ ᠪᠣᠶ᠋ᠢᠷ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠵᠠᠩ ᠪᠦᠦ ᠵᠢᠶᠦ᠋ᠨ᠂ ᠬᠥᠯᠥᠨ ᠪᠤᠢ᠌ᠷ ᠬᠤᠳᠠ ᠵᠢᠨ ᠤᠢ ᠰᠢᠭᠤᠢ ᠪᠠ ᠨᠤᠳᠤᠭ ᠪᠡᠯᠴᠢᠬᠡᠷ᠎ᠤᠨ ᠲᠣᠪᠴᠢᠶᠠᠨ᠎ᠤ ᠲᠣᠪᠴᠢᠶᠠᠨ ᠳᠠᠷᠤᠭ᠎ᠠ ᠬᠣᠩ ᠴᠧᠩ ᠬᠤᠷᠠᠯ᠎ᠳᠤ ᠣᠷᠣᠯᠴᠠᠪᠠ᠃ ᠬᠤᠷᠠᠯ ᠳᠡᠭᠡᠷ᠎ᠡ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠠᠴᠠ ᠭᠤᠷᠪᠠᠨ ᠡᠳᠦᠷ᠎ᠤᠨ ᠲᠤᠷᠰᠢᠳᠠ ᠵᠢᠨ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠢ ᠳ᠋ᠦᠩᠨᠡᠨ ᠰᠤᠳᠤᠯᠤᠨ ᠶᠠᠷᠢᠯᠴᠠᠭᠰᠠᠨ ᠪᠥᠭᠡᠳ ᠮᠠᠯᠴᠢᠳ᠎ᠤᠨ ᠬᠦᠷᠢᠶ᠎ᠡ ᠬᠡᠷᠡᠰᠭᠡ ᠵᠢᠨ ᠪᠠᠢ᠌ᠭᠤᠯᠤᠯᠳᠠ᠂ ᠵᠡᠭᠡᠷ᠎ᠡ ᠵᠢ ᠬᠠᠮᠠᠭ᠋ᠠᠯᠠᠬᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠷᠡᠰᠭᠡ᠂ ᠬᠢᠯᠢ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠷᠢᠶ᠎ᠡ ᠬᠡᠷᠡᠰᠭᠡ ᠵᠢᠨ ᠪᠥᠳᠥᠭᠡᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠪᠠ ᠵᠡᠭᠡᠷ᠎ᠡ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ᠎ᠳᠤ ᠵᠦᠢ ᠵᠣᠬᠢᠰᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶ᠋ᠢᠨ᠎ᠠ᠃ ( ᠮᠸᠩ ᠵᠢᠨ ᠪᠦᠦ ᠦᠨᠢᠷ)