ᠬᠦᠯᠦᠨ ᠪᠤᠶ᠋ᠢᠷ ᠬᠤᠳᠡ 《ᠠᠮᠢ ᠠᠬᠤᠢ ᠵᠢ ᠤᠷᠢᠳ ᠵᠶ᠋ᠠᠷ ᠪᠤᠳᠤᠯᠬᠢᠯᠡᠵᠤ᠂ ᠪᠤᠬᠢᠷᠳᠤᠯ ᠦᠭᠡᠢ ᠬᠦᠭᠵᠢᠯᠳᠡ᠎ᠪᠠᠷ ᠤᠳᠤᠷᠢᠳᠤᠮᠵᠢ ᠪᠤᠯᠭ᠋ᠠᠡᠡᠰᠡᠨ ᠴᠢᠨᠡᠷ ᠰᠠᠶ᠋ᠢᠳᠡᠢ ᠬᠦᠭᠵᠢᠯᠳᠡ ᠵᠢᠨ ᠰᠢᠨ᠎ᠠ ᠵᠠᠮ᠎ᠢ ᠰᠦᠪᠡᠭᠴᠢᠯᠡᠬᠦ ᠭᠡᠷᠡᠭᠳᠡᠢ》 ᠭᠡᠰᠡᠨ ᠶᠡᠷᠤᠩᠭᠡᠢ ᠱᠦᠵᠢ ᠵᠢᠨ ᠵᠢᠭ᠋ᠠᠪᠤᠷᠢ ᠵᠢ ᠡᠷᠡᠰ ᠲᠤᠭᠤᠰᠢᠯᠠᠭᠤᠯᠵᠤ᠂ ᠡᠨᠡ ᠵᠢᠯ ᠨᠤᠳᠤᠭ ᠪᠡᠯᠴᠢᠬᠡᠷ᠎ᠤᠨ ᠤᠷᠭᠤᠮᠡᠯ᠎ᠤᠨ ᠪᠦᠷᠬᠦᠴᠠ ᠵᠢ 70%᠎ᠠᠴᠠ ᠲᠡᠭᠡᠭᠰᠢ᠎ᠳᠤ ᠲᠤᠡᠡᠳᠠᠪᠤᠷᠢᠵᠢᠭᠤᠯᠤᠨ᠂ ᠤᠢ ᠮᠤᠳᠤ ᠵᠢᠨ ᠬᠠᠳᠠᠭ᠋ᠠᠯᠬᠠᠳᠠᠴᠠ ᠵᠢ 12 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠳ᠋ᠷ᠎ᠠᠴᠠ ᠲᠡᠭᠡᠭᠰᠢ ᠪᠠᠶ᠋ᠢᠯᠭ᠋ᠠᠵᠤ᠂ ᠪᠤᠬᠢᠷ ᠤᠰᠤ ᠵᠢ ᠲᠦᠪᠯᠡᠷᠡᠬᠦᠯᠤᠨ ᠭᠠᠳ᠋ᠬᠠᠰᠢᠯᠠᠭᠤᠯᠬᠤ ᠨᠤᠷᠮ᠎ᠠ ᠵᠢ 96.5%᠎ᠳᠤ ᠬᠦᠷᠭᠡᠬᠦ ᠬᠠᠷᠠᠯᠳᠡ ᠲᠤᠷᠡᠤᠡᠴᠤ᠂ ᠠᠮᠢ ᠠᠬᠤᠢ ᠵᠢ ᠬᠠᠮᠠᠭ᠋ᠠᠯᠠᠵᠤ ᠪᠦᠳᠤᠭᠡᠨ ᠪᠠᠶ᠋ᠢᠭᠤᠯᠬᠤ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠵᠤ ᠪᠠᠶ᠋ᠢᠨ᠎ᠡ᠃
ᠬᠦᠯᠦᠨ ᠪᠤᠶ᠋ᠢᠷ ᠬᠤᠳᠠ 《ᠤᠰᠤᠨ᠎ᠤ ᠴᠢᠨᠡᠷ᠎ᠢ ᠰᠠᠶ᠋ᠢᠵᠢᠷᠠᠭᠤᠯᠬᠤ᠂ ᠤᠰᠤᠨ᠎ᠤ ᠭᠡᠮᠵᠢᠶ᠎ᠠ ᠵᠢ ᠨᠡᠮᠡᠭᠳᠡᠬᠦᠯᠬᠦ᠂ ᠠᠮᠢ ᠠᠬᠤᠢ ᠵᠢ ᠰᠡᠷᠬᠦᠭᠡᠬᠦ》 ᠬᠠᠷᠡᠯᠳᠡ ᠵᠢᠨ ᠲᠤᠭᠤᠷᠢᠨ᠎ᠳᠤ ᠬᠦᠯᠤᠨ ᠨᠠᠭᠤᠷ᠎ᠤᠨ ᠠᠮᠢ ᠠᠬᠤᠢ ᠤᠷᠴᠢᠨ ᠲᠤᠭᠤᠷᠢᠨ᠎ᠢ ᠶᠡᠷᠤᠩᠭᠡᠶ᠋ᠢᠯᠠᠨ ᠵᠠᠰᠠᠬᠤ ᠠᠵᠢᠯ᠎ᠢ ᠰᠠᠶ᠋ᠢᠳᠤᠷ ᠬᠢᠵᠤ᠂ ᠬᠤᠶᠡᠳᠤᠭ᠋ᠠᠷ ᠬᠤᠭᠤᠴᠠᠭ᠋ᠠᠨ᠎ᠤ 17.8 ᠳ᠋ᠦᠡᠭᠰᠢᠭᠤᠷ ᠲᠦᠬᠦᠷᠢᠭ᠎ᠤᠨ ᠪᠡᠯᠨ ᠤᠷᠤᠭᠤᠯᠤᠯᠳᠡ᠎ᠲᠠᠢ 13 ᠲᠦᠷᠤᠯ ᠵᠦᠢ᠍ᠯ᠎ᠢ ᠭᠡᠷᠡᠭᠵᠢᠬᠦᠯᠵᠤ᠂ ᠡᠨᠡ ᠵᠢᠯ᠎ᠤᠨ ᠲᠤᠳᠤᠷ᠎ᠠ ᠡᠬᠦᠷᠭᠡ᠎ᠪᠠᠨ ᠪᠡᠶᠡᠯᠡᠬᠦᠯᠬᠦ ᠵᠢ ᠪᠡᠳᠤᠯᠠᠵᠤ ᠪᠤᠢ; ᠰᠢᠨ᠎ᠠ ᠨᠢᠭᠡ ᠡᠭᠡᠯᠵᠢ ᠵᠢᠨ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠬᠤ ᠨᠦᠬᠦᠪᠤᠷᠢ ᠪᠠ ᠱᠠᠩᠨᠠᠯ᠎ᠤᠨ ᠲᠦᠷᠤ ᠵᠢᠨ ᠪᠤᠳᠤᠯᠭ᠎ᠠ ᠵᠢ ᠴᠢᠩᠭ᠎ᠠ ᠨᠠᠶ᠋ᠢᠳᠡᠪᠤᠷᠢᠵᠢᠭᠤᠯᠵᠤ᠂ ᠪᠡᠯᠴᠢᠭᠡᠷᠯᠡᠬᠦᠯᠬᠦ ᠵᠢ ᠵᠤᠡᠡᠰᠤᠭ᠋ᠠᠬᠤ ᠪᠡ ᠮᠠᠯ ᠪᠡᠯᠴᠢᠭᠡᠷ᠎ᠢ ᠲᠡᠩᠴᠡᠬᠦᠷᠢᠳᠡᠢ ᠪᠠᠶ᠋ᠢᠯᠭ᠋ᠠᠬᠤ ᠵᠢ ᠪᠡᠶᠡᠯᠡᠬᠦᠯᠤᠨ᠂ 8 ᠲᠦᠮᠡᠨ ᠮᠦ᠍ ᠲᠠᠷᠢᠶᠠᠨ ᠭᠠᠵᠠᠷ᠎ᠢ ᠠᠳᠡᠷᠰᠢᠭᠤᠯᠤᠨ ᠡᠪᠡᠰᠤ ᠲᠠᠷᠢᠵᠤ᠂ 12 ᠲᠦᠮᠡᠨ ᠮᠦ᠍ ᠲᠠᠷᠢᠶᠠᠨ ᠭᠠᠵᠠᠷ᠎ᠢ ᠠᠳᠡᠷᠰᠢᠭᠤᠯᠤᠨ ᠮᠤᠳᠤ ᠲᠠᠷᠢᠬᠤ ᠪᠤᠯᠤᠨ᠎ᠠ᠃ 《ᠤᠮᠠᠷᠡᠳᠤ ᠵᠢᠨ ᠭᠤᠷᠪᠠᠨ ᠤᠷᠤᠨ》᠎ᠤ ᠬᠠᠯᠬᠠᠪᠴᠢ ᠤᠢ᠂ ᠪᠠᠶ᠋ᠢᠭ᠋ᠠᠯᠢ ᠵᠢᠨ ᠤᠢ ᠵᠢᠨ ᠬᠠᠮᠠᠭ᠋ᠠᠯᠠᠯᠳᠡ ᠵᠡᠷᠭᠡ ᠠᠮᠢ ᠠᠬᠤᠢ ᠵᠢᠨ ᠪᠦᠳᠦᠬᠡᠨ ᠪᠠᠶ᠋ᠢᠭᠤᠯᠤᠯᠳᠠ ᠵᠢᠨ ᠢᠨᠵᠧᠨᠧᠷᠢᠩ᠎ᠢ ᠭᠡᠷᠡᠭᠵᠢᠬᠦᠯᠵᠤ᠂ ᠶᠡᠭᠡ ᠬᠢᠨᠭ᠌ᠭ᠋ᠠᠨ ᠲᠠᠪᠠᠭ᠎ᠠ ᠵᠢᠨ ᠤᠮᠡᠷᠡᠳᠤ ᠭᠡᠰᠡᠭ᠎ᠤᠨ ᠪᠠᠯᠡᠷ ᠤᠢ ᠵᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ; ᠨᠢᠭᠡᠨᠳᠠ ᠬᠠᠭ᠋ᠠᠯᠪᠤᠷᠢᠯᠬᠠᠰᠡᠨ ᠤᠢ᠌ᠢ᠍ᠳᠤ ᠭᠠᠵᠡᠷ ᠪᠡ ᠨᠤᠳᠤᠭ ᠪᠡᠯᠴᠢᠬᠡᠷ᠎ᠢ ᠤᠯᠤᠰ᠎ᠤᠨ ᠲᠠᠷᠢᠶᠠᠨ ᠭᠠᠵᠠᠷ᠎ᠢ ᠠᠳᠡᠷᠰᠢᠭᠤᠯᠤᠨ ᠡᠪᠡᠰᠤ ᠮᠤᠳᠤ ᠲᠠᠷᠢᠬᠤ ᠲᠦᠷᠤ ᠵᠢᠨ ᠪᠤᠳᠤᠯᠭ᠎ᠠ ᠵᠢᠨ ᠲᠠᠮᠵᠢᠯᠬᠡ ᠵᠢᠨ ᠬᠦᠷᠢᠶ᠎ᠠ ᠭᠡᠪᠴᠢᠶ᠎ᠠ᠎ᠳᠤ ᠤᠷᠤᠭᠤᠯᠵᠤ᠂ ᠠᠮᠢ ᠠᠬᠤᠢ ᠵᠢ ᠰᠡᠷᠬᠦᠭᠡᠬᠦ ᠠᠬᠢᠴᠠ ᠵᠢ ᠲᠦᠷᠭᠡᠤᠡᠭᠡᠬᠦ᠎ᠪᠠᠷ ᠠᠵᠢᠯ ᠵᠶ᠋ᠠᠨ ᠦᠷᠨᠢᠬᠦᠯᠵᠤ ᠪᠠᠶ᠋ᠢᠨ᠎ᠠ᠃
ᠬᠦᠯᠤᠨ ᠪᠤᠶ᠋ᠢᠷ ᠬᠤᠳᠡ ᠨᠢᠳᠤᠨᠤᠨ ᠬᠠᠮᠠᠭ᠋ᠠᠯᠠᠬᠤ ᠪᠠ ᠵᠠᠰᠠᠬᠤ ᠵᠢ ᠵᠡᠷᠭᠡ᠎ᠪᠠᠷ ᠴᠢᠬᠤᠯᠠᠴᠢᠯᠡᠨ ᠠᠮᠢ ᠠᠬᠤᠢ ᠵᠢᠨ ᠤᠯᠠᠭ᠋ᠠᠨ ᠱᠤᠭᠤᠮ᠂ ᠤᠷᠴᠢᠨ ᠲᠤᠭᠤᠷᠢᠨ᠎ᠤ ᠬᠤᠷᠢᠭ᠎ᠠ ᠱᠤᠭᠤᠮ᠎ᠢ ᠴᠢᠩᠭ᠎ᠠ ᠰᠡᠬᠢᠵᠤ᠂ ᠠᠮᠢ ᠠᠬᠤᠢ ᠵᠢᠨ ᠪᠦᠳᠤᠭᠡᠨ ᠪᠠᠶ᠋ᠢᠭᠤᠯᠤᠯᠳᠡ᠎ᠳᠤ ᠢᠯᠡᠤᠡᠳᠠ ᠦᠷ᠎ᠠ ᠪᠦᠳᠤᠮᠵᠢ ᠤᠯᠵᠡᠢ᠃ ᠬᠦᠯᠤᠨ ᠨᠠᠭᠤᠷ᠎ᠤᠨ ᠠᠮᠢ ᠠᠬᠤᠢ ᠤᠷᠴᠢᠨ ᠲᠤᠭᠤᠷᠢᠨ᠎ᠢ ᠶᠡᠷᠤᠩᠭᠡᠶ᠋ᠢᠯᠡᠨ ᠵᠠᠰᠠᠬᠤ ᠵᠢ ᠲᠦᠷᠭᠡᠤᠡᠭᠡᠨ᠂ ᠨᠢᠭᠡᠳᠤᠭᠡᠷ ᠬᠤᠭᠤᠴᠠᠭ᠋ᠠᠨ᠎ᠤ 18 ᠲᠦᠷᠤᠯ ᠵᠦᠢ᠍ᠯ᠎ᠢ ᠪᠦᠬᠦᠨ᠎ᠢ ᠲᠠᠭᠤᠰᠬᠠᠵᠤ᠂ ᠬᠦᠯᠤᠨ ᠨᠠᠭᠤᠷ᠎ᠤᠨ ᠤᠰᠤᠨ᠎ᠤ ᠭᠡᠮᠵᠢᠶ᠎ᠠ ᠲᠤᠡᠡᠳᠠᠭᠤᠨ ᠵᠶ᠋ᠠᠷ ᠨᠡᠮᠡᠭᠳᠡᠵᠤ ᠤᠰᠤᠨ᠎ᠤ ᠴᠢᠨᠡᠷ᠎ᠨᠢ ᠠᠭ᠋ᠠᠵᠢᠮ ᠵᠶ᠋ᠠᠷ ᠰᠠᠶ᠋ᠢᠵᠢᠷᠠᠵᠤ᠂ ᠠᠮᠢᠳᠤ ᠪᠤᠳᠡᠰ᠎ᠤᠨ ᠲᠦᠷᠤᠯ ᠵᠦᠢ᠍ᠯ ᠴᠤ᠌ ᠤᠯᠠᠰᠢᠷᠬᠠᠰᠡᠨ ᠪᠠᠶ᠋ᠢᠨ᠎ᠠ᠃ ᠬᠦᠯᠤᠨ ᠪᠤᠶ᠋ᠢᠷ᠎ᠤᠨ ᠲᠠᠯ᠎ᠠ ᠨᠤᠳᠤᠭ᠂ ᠶᠡᠭᠡ ᠬᠢᠨᠭ᠌ᠭ᠋ᠠᠨ ᠲᠠᠪᠠᠭ᠎ᠠ ᠵᠢᠨ ᠰᠢᠭᠤᠢ᠌ᠢ᠍ᠳᠤ ᠤᠷᠤᠨ᠂ ᠭᠤᠤᠯ ᠨᠠᠭᠤᠷ᠎ᠤᠨ ᠤᠰᠤᠨ᠎ᠤ ᠰᠢᠰᠲ᠋ᠧᠮ᠂ ᠬᠠᠷ᠎ᠠ ᠬᠦᠷᠤᠰᠤᠳᠦ ᠭᠠᠵᠠᠷ᠎ᠢ ᠬᠠᠮᠠᠭ᠋ᠠᠯᠠᠨ ᠵᠠᠰᠠᠬᠤ ᠢᠨᠵᠧᠨᠧᠷᠢᠩ᠎ᠢ ᠪᠦᠬᠦ ᠲᠠᠯ᠎ᠠ᠎ᠪᠠᠷ ᠭᠡᠷᠡᠭᠵᠢᠬᠦᠯᠵᠥ᠂ ᠰᠢᠨ᠎ᠠ ᠨᠢᠭᠡ ᠡᠭᠡᠯᠵᠢ ᠵᠢᠨ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠬᠤ ᠨᠦᠬᠦᠪᠤᠷᠢ ᠪᠠ ᠱᠠᠩᠨᠠᠯ᠎ᠤᠨ ᠲᠦᠷᠤ ᠵᠢᠨ ᠪᠤᠳᠤᠯᠭ᠎ᠠ ᠵᠢ ᠬᠢᠨᠠᠮᠠᠭ᠋ᠠᠢ ᠨᠠᠶ᠋ᠢᠳᠡᠪᠤᠷᠢᠵᠢᠭᠤᠯᠵᠤ᠂ ᠨᠡᠶ᠋ᠢᠳᠡ 1687 ᠲᠦᠮᠡᠨ ᠮᠦ᠍ ᠨᠤᠳᠤᠭ ᠪᠠᠯᠴᠢᠭᠡᠷ᠎ᠲᠤ ᠪᠡᠯᠴᠢᠭᠡᠷᠯᠡᠬᠦᠯᠬᠦ ᠵᠢ ᠵᠤᠡᠡᠰᠤᠭ᠋ᠠᠨ 8671 ᠲᠦᠮᠡᠨ ᠮᠦ᠍ ᠨᠤᠳᠤᠭ ᠪᠡᠯᠴᠢᠭᠡᠷ᠎ᠲᠤ ᠮᠠᠯ ᠪᠡᠯᠴᠢᠭᠡᠷ᠎ᠢ ᠲᠡᠩᠴᠡᠬᠦᠷᠢᠰᠢᠬᠦᠯᠵᠤ᠂ ᠪᠡᠯᠴᠢᠭᠡᠷ᠎ᠤᠨ ᠮᠠᠯ ᠠᠵᠤ ᠠᠬᠤᠢ ᠵᠢᠨ ᠲᠤᠷᠰᠢᠯᠳᠡ ᠵᠢᠨ ᠤᠷᠤᠨ᠎ᠤ ᠪᠦᠳᠤᠭᠡᠨ ᠪᠠᠶ᠋ᠢᠭᠤᠯᠤᠯᠳᠡ ᠵᠢ ᠯᠡᠪᠳᠠᠭᠤᠨ ᠪᠡᠳᠤᠳᠡᠢ ᠠᠬᠢᠭᠤᠯᠪᠡ᠃ ᠪᠠᠶ᠋ᠢᠭ᠋ᠠᠯᠢ ᠵᠢᠨ ᠤᠢ ᠮᠤᠳᠤ ᠵᠢ ᠬᠤᠳᠠᠯᠳᠤᠭ᠋ᠠᠨ᠎ᠤ ᠴᠢᠨᠡᠷᠳᠡᠢ᠎ᠪᠠᠷ ᠤᠡᠡᠳᠤᠯᠬᠤ ᠵᠢ ᠵᠤᠡᠡᠰᠤᠭ᠋ᠠᠬᠤ ᠪᠡ ᠲᠠᠷᠢᠶᠠᠨ ᠭᠠᠵᠠᠷ᠎ᠢ ᠠᠳᠡᠷᠰᠢᠭᠤᠯᠤᠨ ᠡᠪᠡᠰᠦ ᠮᠤᠳᠤ ᠲᠠᠷᠢᠬᠤ ᠦᠷ᠎ᠠ ᠪᠦᠳᠤᠮᠵᠢ᠎ᠪᠠᠨ ᠪᠠᠬᠢᠵᠢᠬᠦᠯᠵᠤ᠂ ᠮᠤᠳᠤ ᠲᠠᠷᠢᠵᠤ ᠤᠢ᠌ᠢ᠍ᠵᠢᠭᠤᠯᠤᠡᠡᠰᠡᠨ ᠲᠠᠯᠠᠪᠡᠢ 251 ᠲᠦᠮᠡᠨ ᠮᠦ᠍᠎ᠳᠤ ᠬᠦᠷᠴᠤ᠂ ᠨᠢᠭᠡᠨᠳᠠ ᠬᠠᠭ᠋ᠠᠯᠪᠤᠷᠢᠯᠬᠠᠰᠡᠨ 26 ᠲᠦᠮᠡᠨ ᠮᠦ᠍ ᠤᠢ᠌ᠢ᠍ᠳᠤ ᠭᠠᠵᠡᠷ᠎ᠲᠤ ᠲᠠᠬᠢᠵᠤ ᠮᠤᠳᠤ ᠲᠠᠷᠢᠪᠠ᠃ ᠭᠤᠤᠯ᠎ᠤᠨ ᠲᠠᠷᠤᠭ᠎ᠠ ᠪᠠ ᠨᠠᠭᠤᠷ᠎ᠤᠨ ᠲᠠᠷᠤᠭ᠎ᠠ ᠵᠢᠨ ᠲᠦᠷᠢᠮ᠎ᠢ ᠬᠦᠡᠵᠡᠭᠡᠢ ᠨᠠᠶ᠋ᠢᠳᠡᠪᠤᠷᠢᠵᠢᠭᠤᠯᠵᠤ᠂ ᠬᠦᠯᠤᠨ ᠪᠤᠶ᠋ᠢᠷ᠎ᠤᠨ ᠤᠰᠤᠨ᠎ᠤ ᠠᠮᠢ ᠠᠬᠤᠢ ᠵᠢᠨ ᠪᠤᠯᠪᠡᠰᠤᠨᠤ ᠲᠤᠷᠰᠢᠯᠳᠡ ᠵᠢᠨ ᠴᠡᠭ᠎ᠤᠨ ᠬᠤᠳᠡ ᠵᠢᠨ ᠪᠦᠳᠤᠭᠡᠨ ᠪᠠᠶ᠋ᠢᠭᠤᠯᠤᠯᠳᠡ᠎ᠨᠢ ᠤᠯᠤᠰ᠎ᠤᠨ ᠬᠢᠨᠠᠨ ᠰᠢᠯᠭ᠋ᠠᠯᠳᠡ ᠵᠢ ᠦᠡᠭᠭᠡᠷᠡᠬᠦᠯᠦᠭᠰᠡᠨ ᠪᠠᠶ᠋ᠢᠨ᠎ᠠ᠃