ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠵᠡᠭᠦᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠤᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯᠧᠺᠲᠷᠣᠨ ᠮᠡᠳᠡᠭᠡ ᠵᠠᠩᠭᠢ ᠵᠢᠨ ᠠᠵᠢᠯ ᠲᠥᠷᠥᠯ᠎ᠤᠨ ᠡᠷᠡᠭᠦᠯ ᠵᠶ᠋ᠠᠷ ᠬᠥᠭᠵᠢᠬᠦ ᠵᠢ ᠳᠥᠯᠭᠢᠨ ᠠᠬᠢᠭᠤᠯᠪᠠ
ᠨᠡᠶ᠋ᠢᠲᠡᠯᠡᠭᠰᠡᠨ ᠴᠠᠭ᠄ 2020-11-27

      ᠢᠨ᠊ ᠢᠨᠲ᠋ᠧᠷ ᠰᠦᠯᠵᠢᠶᠡᠨ᠎ᠤ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ ᠵᠢᠨ ᠰᠦᠯᠵᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠦᠬᠦ ᠲᠠᠯ᠎ᠠ᠎ᠪᠠᠷ ᠪᠠᠶ᠋ᠢᠴᠠᠭ᠋ᠠᠬᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠡᠯᠧᠺᠲᠷᠣᠨ ᠮᠡᠳᠡᠭᠡ ᠵᠠᠩᠭᠢ ᠵᠢᠨ ᠠᠵᠢᠯ ᠲᠥᠷᠥᠯ᠎ᠤᠨ ᠡᠷᠡᠭᠦᠯ ᠵᠶ᠋ᠠᠷ ᠬᠦᠭᠵᠢᠬᠦ ᠵᠢ ᠠᠬᠢᠭᠤᠯᠬᠤ ᠵᠢᠨ ᠲᠥᠯᠥᠭᠡ᠂ ᠣᠶ᠋ᠢᠷ᠎ᠠ᠎ᠳᠤ᠂ ᠠᠯᠠᠱ᠌ᠠ ᠵᠡᠭᠦᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠤᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠢᠨᠲ᠋ᠧᠷ ᠰᠦᠯᠵᠢᠶᠡᠨ᠎ᠤ ᠬᠦᠷᠢᠶ᠎ᠡ ᠴᠠᠷᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲ᠋ᠦᠷᠦᠯ᠎ᠤᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ᠂ ᠠᠯᠠᠱ᠌ᠠ ᠵᠡᠭᠦᠨ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠎ᠤ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠪᠠ ᠠᠯᠠᠱ᠌ᠠ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠬᠠᠮᠲᠤᠷᠠᠨ   ᠶᠠᠪᠤᠭᠳᠠᠭᠣᠯᠣᠭᠰᠠᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯᠯᠠᠭ᠎ᠠ᠎ᠳᠤ ᠢᠳᠡᠪᠬᠢᠲᠡᠶ ᠬᠠᠮᠵᠢᠯᠴᠠᠵᠤ᠂ ᠢᠨᠲ᠋ᠧᠷ ᠰᠦᠯᠵᠢᠶᠡᠨ᠎ᠤ ᠲᠣᠮᠣ ᠲᠤᠭ᠋ᠠᠵᠢᠭᠤᠯᠤᠯᠳᠠ ᠵᠢᠨ ᠬᠦᠮᠦᠷᠭᠡ ᠵᠢᠴᠢ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠢ ᠰᠤᠳᠤᠯᠤᠨ ᠨᠡᠭᠡᠭᠡᠭᠰᠡᠨ ᠲᠤᠰᠬᠠᠶ ᠠᠵᠤ ᠠᠬᠤᠶ᠋ᠢᠯᠠᠯ᠎ᠢ ᠪᠠᠢ᠌ᠴᠠᠭ᠋ᠠᠨ ᠵᠢᠯᠤᠭᠤᠳᠪᠠ᠃
      ᠣᠳᠣᠬᠠᠨ᠎ᠳᠤ᠂ ᠠᠯᠠᠱ᠌ᠠ ᠵᠡᠭᠦᠨ ᠬᠣᠰᠢᠭᠤᠨ᠎ᠳᠤ ᠢᠨᠲ᠋ᠧᠷ ᠰᠦᠯᠵᠢᠶᠡᠨ᠎ᠤ ᠲᠤᠭ᠋ᠠᠵᠢᠭᠤᠯᠤᠯᠳᠠ ᠵᠢᠨ ᠦᠢ᠍ᠯᠡᠴᠢᠯᠡᠭᠡ ᠵᠢᠨ ᠰᠤᠳᠤᠯᠭ᠋ᠠᠨ ᠬᠢᠵᠤ ᠪᠠᠢ᠌ᠭ᠎ᠠ ᠠᠵᠤ ᠠᠬᠤᠶ᠋ᠢᠯᠠᠯ ᠨᠡᠢ᠌ᠲᠡ 5 ᠪᠣᠶ᠂ ᠭᠣᠤᠯᠳᠠᠭᠤ ᠵᠥᠭᠡᠯᠡᠨ ᠲᠣᠨᠣᠭ᠎ᠢ ᠰᠤᠳᠤᠯᠤᠨ ᠨᠡᠭᠡᠭᠡᠬᠦ᠂ ᠲᠣᠮᠣ ᠲᠤᠭ᠋ᠠᠵᠢᠭᠤᠯᠤᠯᠳᠠ ᠵᠢᠨ ᠰᠢᠰᠲᠸᠮ᠎ᠤᠨ ᠪᠥᠲᠥᠭᠡᠨ ᠪᠠᠶ᠋ᠢᠭᠤᠯᠤᠯᠲᠠ᠂ ᠰᠦᠯᠵᠢᠶᠡᠨ᠎ᠤ ᠲᠤᠭ᠋ᠠᠵᠢᠭᠤᠯᠤᠯᠳᠠ ᠵᠢᠨ ᠲᠥᠪ᠎ᠤᠨ ᠮᠠᠰᠢᠨ᠎ᠤ ᠬᠡᠷ᠎ᠤᠨ ᠪᠥᠲᠥᠭᠡᠨ ᠪᠠᠶ᠋ᠢᠭᠤᠯᠤᠯᠲᠠ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠵᠠᠷ ᠮᠡᠳᠡᠭᠡᠨ᠎ᠤ ᠲᠠᠨᠢᠯᠴᠠᠭᠤᠯᠭ᠎ᠠ᠂ ᠰᠦᠯᠵᠢᠶᠡᠨ᠎ᠤ ᠡᠵᠡᠩᠨᠡᠯᠲᠡ ᠨᠡᠭᠡᠭᠡᠯᠲᠡ ᠵᠡᠷᠭᠡ ᠡᠯ᠎ᠡ ᠲᠥᠷᠥᠯ᠎ᠤᠨ ᠢᠨᠲ᠋ᠧᠷ ᠰᠦᠯᠵᠢᠶᠡᠨ᠎ᠤ ᠦᠢᠯᠡᠴᠢᠯᠡᠭᠡ ᠵᠢ ᠰᠤᠳᠤᠯᠤᠨ ᠨᠡᠭᠡᠭᠡᠬᠦ᠎ᠪᠠᠷ ᠴᠢᠭᠯᠡᠯ ᠪᠣᠯᠭ᠋ᠠᠵᠤ᠂ ᠠᠯᠠᠱ᠌ᠠ ᠵᠡᠭᠦᠨ ᠬᠣᠰᠢᠭᠤᠨ᠎ᠤ ᠬᠣᠲᠠ ᠬᠥᠳᠡᠭᠡ ᠵᠢᠨ ᠰᠦᠯᠵᠢᠶᠡᠨ᠎ᠤ ᠪᠥᠲᠥᠭᠡᠨ ᠪᠠᠶ᠋ᠢᠭᠤᠯᠤᠯᠲᠠ᠎ᠳᠤ ᠤᠷᠢᠳ ᠬᠣᠵᠢᠳ 《ᠣᠶᠤᠨᠴᠢ ᠠᠶᠠᠯᠠᠯ》᠂ 《  ᠠᠯᠠᠭ᠋ᠠᠨ ᠲᠡᠭᠡᠷᠡᠬᠢ ᠠᠯᠠᠱ᠌ᠠ》᠂ ᠵᠠᠰᠠᠭ᠎ᠤᠨ ᠣᠷᠳᠣᠨ᠎ᠤ ᠭᠤᠷᠪᠠ ᠵᠢ ᠢᠯᠡ ᠪᠣᠯᠭ᠋ᠠᠬᠤ ᠰᠢᠰᠲ᠋ᠧᠮ᠂ ᠰᠢᠤᠸᠠᠢ ᠯᠢᠶᠠᠩ ᠢᠨᠵᠧᠨᠧᠷᠢᠩ᠎ᠤᠨ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ᠎ᠤᠨ ᠲᠠᠪᠴᠠᠩ ᠵᠡᠷᠭᠡ ᠦᠢᠯᠡᠴᠢᠯᠡᠭᠡ ᠬᠠᠩᠭ᠋ᠠᠭᠰᠠᠨ ᠪᠠᠢ᠌ᠨ᠎ᠠ᠃
    ᠣᠢ᠌ᠷ᠎ᠠ ᠵᠢᠨ ᠵᠢᠯ᠎ᠳᠤ᠂ ᠠᠯᠠᠱ᠌ᠠ ᠵᠡᠭᠦᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠤᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠲᠣᠰ ᠲᠣᠰ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠢ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ᠂ ᠰᠢᠨ᠎ᠡ ᠵᠢ ᠡᠭᠦᠳᠬᠦ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠪᠠ ᠰᠢᠨᠵᠢᠯᠡᠬᠦ ᠣᠬᠠᠭ᠋ᠠᠨ᠎ᠤ ᠰᠤᠳᠤᠯᠭ᠋ᠠᠨ᠎ᠤ ᠠᠵᠤ ᠠᠬᠤᠶ᠋ᠢᠯᠠᠯ᠎ᠤᠨ ᠢᠨᠲ᠋ᠧᠷ ᠰᠦᠯᠵᠢᠶᠡᠨ᠎ᠤ ᠲᠠᠪᠴᠠᠩ ᠪᠠᠶ᠋ᠢᠭᠤᠯᠬᠤ ᠵᠢ ᠶᠡᠬᠡᠪᠡᠷ ᠲᠡᠳᠬᠦᠨ ᠵᠣᠷᠢᠭᠵᠢᠭᠤᠯᠵᠤ᠂ ᠢᠨᠲᠸᠷ ᠰᠦᠯᠵᠢᠶᠡᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠢ ᠬᠥᠭᠵᠢᠭᠦᠯᠵᠦ᠂ ᠡᠳᠦᠭᠡ ᠨᠢᠭᠡᠨᠲᠡ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠳᠠᠶᠠᠭ᠋ᠠᠷᠴᠢᠯᠠᠭᠰᠠᠨ ᠰᠢᠨ᠎ᠡ ᠵᠢ ᠡᠭᠦᠳᠬᠦ ᠣᠷᠣᠨ ᠵᠠᠶ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ ᠵᠡᠷᠭᠡ 10 ᠤᠯᠤᠰ᠎ᠤᠨ ᠲᠠᠰ᠎ᠤᠨ ᠰᠢᠨ᠎ᠡ ᠵᠢ ᠡᠭᠦᠳᠬᠦ ᠲᠠᠪᠴᠠᠩ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠲᠥᠪ᠂ ᠰᠢᠩ ᠴᠤᠸᠠᠩ ᠲᠢᠶᠠᠨ ᠳ᠋ᠢ ᠵᠡᠷᠭᠡ 11 ᠠᠵᠤ ᠠᠬᠤᠶ᠋ᠢᠯᠠᠯ᠂ 12 ᠠᠶ᠋ᠢᠮᠠᠭ᠎ᠤᠨ ᠲᠡᠰ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠂ ᠰᠠᠭᠤᠷᠢᠨ ᠭᠠᠵᠠᠷ ᠵᠡᠷᠭᠡ ᠵᠢ ᠮᠠᠭ᠋ᠠᠳᠯᠠᠨ ᠲᠣᠭᠲᠠᠭ᠋ᠠᠵᠤ᠂ ᠢᠨᠲ᠋ᠧᠷ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠥ ᠵᠢ 150 ᠭᠠᠷᠤᠢ ᠲᠦᠮᠡᠨ ᠲᠦᠭᠦᠷᠢᠭ ᠣᠯᠬᠤ᠎ᠪᠠᠷ ᠴᠢᠷᠮᠠᠢ᠌ᠵᠤ ᠪᠤᠢ᠃

ᠢᠷᠡᠯᠲᠡ᠄ ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ ᠠᠶ᠋ᠢᠮᠠᠭ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠰᠢᠨ᠎ᠡ ᠬᠠᠭᠤᠳᠠᠰᠤ ᠵᠢ ᠰᠡᠬᠦᠪᠡ
ᠨᠤᠳᠤᠭ ᠪᠡᠯᠴᠢᠬᠡᠷ᠎ᠢ ᠲᠠᠭ᠋ᠠᠳᠬᠠᠯ᠎ᠳᠤ ᠤᠷᠤᠭᠤᠯᠤᠬᠰᠠᠨ ᠪᠦᠬᠦ ᠤᠯᠤᠰ᠎ᠤᠨ ᠠᠩᠬᠠᠳᠠᠭᠴᠢ ᠵᠢᠱ᠌ᠢᠶ᠎ᠠ — ᠤᠷᠠᠳ ᠨᠤᠳᠤᠭ᠎ᠤᠨ 115.7 ᠲᠦᠮᠡᠨ ᠮᠦ᠍ ᠨᠤᠲᠤᠭ ᠪᠡᠯᠴᠢᠭᠡᠷ ᠲᠠᠭ᠋ᠠᠳᠬᠠᠯ᠎ᠳᠤ ᠤᠷᠤᠪᠠ
ᠤᠯᠠᠭ᠋ᠠᠨᠪᠤᠬ᠎ᠠ ᠵᠢᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠤᠯᠤᠰ᠎ᠤᠨ ᠣᠷᠳᠣ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠲᠠᠪᠤᠨ ᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠎ᠨᠢ ᠲᠤᠰᠬᠠᠶ ᠮᠡᠷᠭᠡᠵᠢᠯᠲᠡᠨ᠎ᠤ ᠨᠤᠲᠠᠯᠠᠯᠳᠠ ᠵᠢ ᠦᠩᠭᠡᠷᠡᠪᠡ
ᠵᠠᠯᠠᠨ ᠠᠶ᠋ᠢᠯ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠴᠠᠭ᠋ᠠᠯᠲᠠ ᠵᠢᠨ ᠠᠵᠢᠯ᠎ᠢ ᠴᠢᠩᠭ᠎ᠠ ᠠᠳᠬᠤᠪᠠ
ᠡᠵᠡᠨ᠎ᠡ ᠬᠤᠰᠢᠭᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ ᠣᠶ ᠰᠢᠭᠤᠶ ᠨᠤᠳᠤᠭ ᠪᠡᠯᠴᠢᠭᠡᠷ᠎ᠤᠨ ᠭᠠᠯ ᠲᠤᠢ᠌ᠮᠠᠷ᠎ᠢ ᠰᠡᠷᠭᠡᠢ᠌ᠯᠡᠬᠦ ᠠᠵᠢᠯᠯᠠᠭ᠎ᠠ ᠶᠠᠪᠤᠭᠳᠠᠭᠤᠯᠪᠠ
 
             蒙ICP备05000248号