ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠᠢ᠌ᠳᠠᠯ᠎ᠳᠤ ᠴᠢᠭᠯᠡᠭᠦᠯᠦᠨ᠂ ᠤᠲᠤᠭ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠡᠭᠡᠳᠦ ᠱᠠᠲᠤᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠤᠷᠤᠭᠴᠢᠳ᠂ ᠭᠡᠷ᠎ᠤᠨ ᠠᠬᠠᠮᠠᠳ ᠵᠢᠴᠢ ᠲᠠᠷᠢᠶᠠᠴᠢᠨ ᠮᠠᠯᠴᠢᠨ ᠲᠦᠮᠡᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠤᠬᠠᠮᠰᠠᠷ᠎ᠢ ᠳᠡᠭᠡᠭᠰᠢᠯᠡᠬᠦᠯᠪᠡ᠃
10 ᠰᠠᠷ᠎ᠠ ᠵᠢᠨ 23᠎ᠤ ᠡᠳᠦᠷ᠂ ᠤᠲᠤᠭ ᠬᠣᠰᠢᠭᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠠᠵᠢᠯ᠎ᠤᠨ ᠥᠷᠲᠡᠭᠡ᠎ᠨᠢ ᠬᠣᠰᠢᠭᠤᠨ᠎ᠤ ᠣᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠬᠡ ᠠᠩᠭᠢ᠎ᠲᠠᠢ ᠬᠠᠮᠲᠤ᠎ᠪᠠᠷ ᠤᠲᠤᠭ ᠬᠣᠰᠢᠭᠤᠨ᠎ᠤ ᠮᠣᠩᠭᠣᠯ ᠦᠨᠳᠦᠰᠦᠲᠡᠨ᠎ᠤ ᠲᠤᠷᠰᠢᠯᠲᠠ ᠵᠢᠨ ᠪᠠᠭ᠎ᠠ ᠰᠤᠷᠭ᠋ᠠᠭᠤᠯᠢ᠎ᠳᠤ ᠬᠦᠷᠴᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠢ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ᠃ ᠤᠬᠠᠭᠤᠯᠭ᠎ᠠ ᠵᠢᠨ ᠬᠠᠭᠤᠳᠠᠰᠤ ᠡᠯᠭᠦᠬᠦ᠂ ᠤᠬᠤᠷ ᠪᠢᠴᠢᠯᠭᠡ ᠨᠡᠪᠲᠡᠷᠡᠭᠦᠯᠬᠦ᠂ ᠲᠤᠬᠠᠶ ᠵᠢᠨ ᠲᠠᠯᠠᠪᠠᠶ᠎ᠳᠤ ᠲᠠᠶ᠋ᠢᠯᠪᠤᠷᠢᠯᠠᠬᠤ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠲᠤᠬᠠᠶ ᠵᠢᠨ ᠲᠠᠯᠠᠪᠠᠶ ᠵᠢᠨ ᠦᠵᠡᠭᠦᠯᠦᠯᠭᠡ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠰᠤᠷᠤᠭᠴᠢᠳ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠦᠵᠡᠯ ᠤᠬᠠᠮᠰᠠᠷ᠎ᠢ ᠨᠡᠮᠡᠭᠳᠡᠭᠦᠯᠵᠦ᠂ ᠰᠤᠷᠤᠭᠴᠢᠳ᠎ᠲᠤ ᠬᠤᠸᠠᠷ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠵᠡᠷᠭᠡ ᠭᠠᠯ᠎ᠤᠨ ᠠᠶᠤᠯ᠎ᠢ ᠡᠭᠦᠰᠭᠡᠵᠦ ᠮᠡᠳᠡᠬᠦ ᠣᠯᠠᠨ ᠵᠦᠢ᠍ᠯ᠎ᠤᠨ ᠮᠡᠳᠡᠯᠭᠡ ᠵᠢ ᠤᠢ᠌ᠯᠠᠭ᠋ᠠᠭᠤᠯᠪᠠ᠃
ᠲᠤᠰ ᠤᠳᠠᠭ᠋ᠠᠨ᠎ᠤ ᠠᠵᠢᠯᠯᠠᠭ᠎ᠠ᠎ᠨᠢ 《ᠭᠠᠷ ᠭᠠᠷ ᠵᠶ᠋ᠠᠨ ᠬᠤᠯᠪᠤᠯᠴᠠᠬᠤ》 ᠦᠢ᠍ᠯᠡᠳᠦᠯ᠎ᠢ ᠪᠠᠳᠠᠷᠠᠭᠤᠯᠵᠤ᠂ ᠰᠤᠷᠤᠭᠴᠢ ᠨᠢᠭᠡᠪᠦᠷᠢ᠎ᠳᠤ ᠬᠠᠤᠯᠢ ᠵᠢ ᠰᠠᠬᠢᠬᠤ ᠪᠠ ᠠᠯᠪᠠᠨ ᠵᠢᠷᠤᠮ᠎ᠤᠨ ᠤᠬᠠᠭᠤᠯᠭ᠎ᠠ ᠵᠢᠨ ᠤᠢ᠌ᠯᠠᠭ᠋ᠠᠭᠳᠠᠬᠤᠨ᠎ᠢ ᠤᠢ᠌ᠯᠠᠭ᠋ᠠᠭᠤᠯᠵᠤ᠂ ᠭᠡᠷ ᠪᠦᠯᠢ ᠵᠢᠴᠢ ᠪᠦᠬᠦ ᠨᠡᠶ᠋ᠢᠭᠡᠮ᠎ᠳᠤ ᠨᠦᠯᠦᠭᠡ ᠪᠦᠬᠦᠢ ᠢᠳᠡᠪᠬᠢ ᠦᠢ᠍ᠯᠡ ᠠᠵᠢᠯᠯᠠᠭ᠎ᠠ ᠪᠤᠯᠤᠭᠰᠠᠨ ᠪᠠᠢ᠌ᠨ᠎ᠠ᠃ (ᠦ᠋ ᠱᠤᠸᠠᠩ ᠰᠢ)