ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠯᠢ ᠵᠢᠨ ᠭᠤᠤᠯ ᠠᠶ᠋ᠢᠮᠠᠭ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠰᠢᠨ᠎ᠡ ᠬᠠᠭᠤᠳᠠᠰᠤ ᠵᠢ ᠰᠡᠬᠦᠪᠡ
ᠨᠡᠶ᠋ᠢᠲᠡᠯᠡᠭᠰᠡᠨ ᠴᠠᠭ᠄ 2020-12-11

      ᠰᠢᠯᠢ ᠵᠢᠨ ᠭᠤᠤᠯ ᠠᠶ᠋ᠢᠮᠠᠭ ᠲᠠᠴᠢᠷᠰᠢᠭᠰᠠᠨ ᠨᠤᠲᠤᠭ ᠪᠡᠯᠴᠢᠭᠡᠷ᠎ᠲᠤ ᠬᠥᠮᠦᠨ᠎ᠤ ᠬᠦᠴᠦ᠎ᠪᠠᠷ ᠡᠪᠡᠰᠦ ᠳᠠᠷᠢᠬᠤ ᠠᠮᠢ ᠠᠬᠤᠶ ᠵᠢ ᠰᠡᠷᠭᠦᠭᠡᠨ ᠵᠠᠰᠠᠬᠤ ᠤᠯᠤᠰ᠎ᠤᠨ ᠲᠤᠷᠰᠢᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠰᠡᠷᠭᠦᠭᠡᠨ ᠵᠠᠰᠠᠬᠤ ᠲᠥᠷᠥᠯ ᠵᠦᠢ᠍ᠯ᠎ᠢ ᠡᠬᠢᠯᠡᠨ ᠬᠡᠷᠡᠭᠵᠢᠭᠦᠯᠵᠦ᠂ ᠲᠠᠴᠢᠷᠳᠠᠵᠤ ᠡᠯᠡᠰᠦᠷᠬᠡᠭᠵᠢᠭᠰᠡᠨ ᠪᠡᠯᠴᠢᠭᠡᠷ᠎ᠢ ᠵᠠᠰᠠᠬᠤ᠂ ᠬᠡᠭᠡᠷ᠎ᠡ ᠵᠢᠨ ᠰᠢᠯᠢᠳᠡᠭ ᠰᠠᠶ᠋ᠢᠨ ᠨᠤᠲᠤᠭ᠎ᠤᠨ ᠡᠪᠡᠰᠦ ᠵᠢ ᠲᠠᠷᠢᠵᠤ ᠪᠤᠶ᠋ᠢᠵᠢᠭᠤᠯᠬᠤ᠂ ᠲᠣᠭᠲᠠᠮᠠᠯ ᠬᠢᠨᠠᠨ ᠬᠡᠮᠵᠢᠬᠦ ᠴᠡᠭ ᠪᠠᠶ᠋ᠢᠭᠤᠯᠬᠤ ᠵᠡᠷᠭᠡ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢᠨ ᠲᠣᠭᠤᠷᠢᠨ᠎ᠳᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠣᠨ᠎ᠤ ᠰᠡᠷᠭᠦᠭᠡᠯᠲᠡ ᠵᠢ ᠴᠢᠩᠭ᠋ᠠᠳᠬᠠᠪᠠ᠃ ᠲᠠᠴᠢᠷᠰᠢᠭᠰᠠᠨ ᠨᠤᠲᠤᠭ ᠪᠡᠯᠴᠢᠭᠡᠷ᠂ ᠬᠤᠶᠠᠷ ᠶᠡᠭᠡ ᠡᠯᠡᠰᠦᠷᠬᠡᠭ ᠭᠠᠵᠠᠷ᠂ ᠳᠥᠷᠪᠡᠨ ᠤᠰᠤᠨ ᠰᠢᠰᠲ᠋ᠧᠮ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢ ᠰᠡᠷᠭᠦᠭᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠰᠲ᠋ᠧᠮᠵᠢᠭᠰᠡᠨ᠂ ᠬᠡᠪᠴᠢᠶᠡᠵᠢᠭᠰᠡᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠰᠢᠨ᠎ᠡ ᠬᠠᠭᠤᠳᠠᠰᠤ ᠵᠢ ᠰᠡᠬᠦᠪᠡ᠃ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠬᠠᠮᠤᠭ᠎ᠤᠨ ᠡᠷᠡᠰ ᠴᠢᠩᠭ᠎ᠠ᠎ᠪᠠᠷ ᠰᠡᠷᠭᠡᠶ᠋ᠢᠯᠡᠪᠡ᠃ ᠰᠢᠯᠢ ᠵᠢᠨ ᠭᠤᠣᠯ ᠠᠶ᠋ᠢᠮᠠᠭ 2001 ᠣᠨ᠎ᠠᠴᠠ ᠡᠬᠢᠯᠡᠨ ᠶᠡᠭᠡ ᠬᠡᠪᠴᠢᠶ᠎ᠡ᠎ᠪᠠᠷ ᠬᠠᠰᠢᠶᠠᠯᠠᠨ ᠮᠠᠯᠵᠢᠬᠤ᠂ ᠮᠠᠯᠵᠢᠬᠤ ᠵᠢ ᠬᠤᠷᠢᠭᠯᠠᠬᠤ᠂ ᠰᠡᠯᠭᠦᠨ ᠮᠠᠯᠵᠢᠬᠤ ᠳᠦᠷᠢᠮ᠎ᠢ ᠡᠬᠢᠯᠡᠨ ᠬᠡᠷᠡᠭᠵᠢᠭᠦᠯᠵᠦ᠂ ᠲᠠᠯ᠎ᠠ ᠨᠤᠲᠤᠭ᠎ᠢ ᠰᠡᠷᠭᠦᠭᠡᠨ ᠬᠠᠮᠠᠭ᠋ᠠᠯᠠᠪᠠ᠃ 20 ᠵᠢᠯ᠎ᠤᠨ ᠲᠤᠷᠰᠢ᠂ ᠡᠨᠡ ᠬᠦ᠌ ᠳᠦᠷᠢᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ ᠬᠡᠷᠡᠭᠵᠢᠭᠦᠯᠦᠭᠰᠡᠨ᠎ᠨᠢ ᠨᠡᠩ ᠤᠯᠠᠨ ᠮᠠᠯᠴᠢᠳ᠎ᠤᠨ ᠵᠥᠪᠰᠢᠶᠡᠷᠡᠯ ᠪᠠ ᠳᠡᠮᠵᠢᠯᠭᠡ ᠵᠢ ᠣᠯᠬᠤ ᠪᠣᠯᠪᠠ᠃ ᠵᠢᠯ ᠪᠦᠷᠢ ᠵᠢᠨ 4 ᠰᠠᠷ᠎ᠠ ᠵᠢᠨ ᠰᠢᠨᠡᠳ᠎ᠠᠴᠠ᠂ ᠪᠦᠬᠦ ᠠᠶ᠋ᠢᠮᠠᠭ᠎ᠤᠨ ᠡᠯ᠎ᠡ ᠭᠠᠵᠠᠷ᠎ᠤᠨ᠎ᠬᠢᠨ᠎ᠤ 30 ᠡᠳᠦᠷ᠎ᠠᠴᠠ 40 ᠡᠳᠦᠷ᠎ᠤᠨ ᠬᠠᠪᠤᠷ᠎ᠤᠨ ᠤᠯᠠᠷᠢᠯ᠎ᠤᠨ ᠰᠡᠯᠭᠦᠨ ᠮᠠᠯᠵᠢᠬᠤ ᠬᠤᠭᠤᠴᠠᠭ᠎ᠠ ᠡᠬᠢᠯᠡᠵᠦ᠂ ᠬᠤᠶᠠᠷ ᠳ᠋ᠦᠩᠰᠢᠭᠤᠷ ᠭᠠᠷᠤᠶ ᠮᠦ᠍ ᠨᠤᠲᠤᠭ ᠪᠡᠯᠴᠢᠭᠡᠷ᠎ᠤᠨ 《ᠴᠠᠯᠢᠩ᠎ᠲᠠᠢ ᠠᠮᠠᠷᠠᠯᠲᠠ》 ᠡᠬᠢᠯᠡᠳᠡᠭ᠂ ᠡᠨᠡ ᠬᠦ᠌ ᠳᠦᠷᠢᠮ᠎ᠢ ᠬᠡᠷᠡᠭᠵᠢᠭᠦᠯᠵᠦ ᠪᠠᠶ᠋ᠢᠭ᠎ᠠ ᠨᠤᠲᠤᠭ ᠪᠡᠯᠴᠢᠭᠡᠷ᠎ᠤᠨ ᠲᠠᠯᠠᠪᠠᠢ᠎ᠨᠢ ᠪᠦᠬᠦ ᠠᠶ᠋ᠢᠮᠠᠭ᠎ᠤᠨ ᠨᠤᠲᠤᠭ ᠪᠡᠯᠴᠢᠭᠡᠷ᠎ᠤᠨ ᠶᠡᠷᠦᠩᠬᠡᠢ ᠲᠠᠯᠠᠪᠠᠢ ᠵᠢᠨ 80% ᠵᠢ ᠳᠠᠪᠠᠭᠰᠠᠨ ᠪᠠᠶ᠋ᠢᠨ᠎ᠠ᠃ ᠪᠦᠬᠦ ᠠᠶ᠋ᠢᠮᠠᠭ᠎ᠤᠨ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠪᠡᠯᠴᠢᠭᠡᠷ᠎ᠤᠨ ᠳᠠᠭ᠋ᠠᠭ᠋ᠠᠴᠠ ᠭᠤᠷᠪᠠᠨ ᠵᠢᠯ ᠳᠠᠷᠠᠭ᠋ᠠᠯᠠᠨ ᠰᠥᠭᠡᠷᠭᠦ ᠨᠡᠮᠡᠭᠳᠡᠯ᠎ᠲᠠᠢ ᠪᠣᠯᠪᠠ᠃ ᠰᠢᠯᠢ ᠵᠢᠨ ᠭᠤᠣᠯ ᠠᠶ᠋ᠢᠮᠠᠭ᠎ᠨᠢ ᠨᠤᠲᠤᠭ ᠳᠡᠪᠢᠰᠬᠡᠷ᠎ᠤᠨ ᠵᠶ᠋ᠠᠨ 62.35% ᠵᠢ᠎ᠨᠢ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠳᠤ ᠬᠤᠪᠢᠶᠠᠷᠢᠯᠠᠨ ᠣᠷᠣᠭᠤᠯᠵᠤ᠂ ᠬᠤᠶ᠋ᠢᠰᠢᠳᠠ ᠲᠠᠯ᠎ᠠ ᠨᠤᠲᠤᠭ᠎ᠲᠤ ᠠᠭᠤᠷᠬᠠᠶ ᠨᠡᠭᠡᠭᠡᠬᠦ ᠲᠥᠷᠥᠯ ᠵᠦᠢ᠍ᠯ᠂ ᠨᠤᠲᠤᠭ ᠪᠡᠯᠴᠢᠭᠡᠷ᠎ᠤᠨ ᠭᠤᠣᠯ ᠣᠷᠣᠨ᠎ᠳᠤ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ᠂ ᠭᠡᠷᠡᠯ ᠴᠠᠬᠢᠯᠭ᠋ᠠᠨ᠎ᠤ ᠲᠥᠷᠥᠯ ᠵᠦᠢ᠍ᠯ᠎ᠢ ᠳᠠᠬᠢᠨ ᠰᠢᠨ᠎ᠡ᠎ᠪᠠᠷ ᠲᠥᠯᠥᠪᠵᠢᠭᠦᠯᠦᠨ ᠪᠥᠳᠥᠭᠡᠨ ᠪᠠᠶ᠋ᠢᠭᠤᠯᠬᠤ ᠥᠭᠡᠢ᠂ ᠨᠤᠲᠤᠭ ᠪᠡᠯᠴᠢᠭᠡᠷ᠎ᠢ ᠳᠤᠷ᠎ᠠ᠎ᠪᠠᠷ ᠮᠠᠯᠲᠠᠬᠤ ᠵᠢ ᠡᠷᠡᠰ ᠬᠤᠷᠢᠭᠯᠠᠨ᠎ᠠ ᠬᠡᠮᠡᠨ ᠳᠤᠷᠠᠳᠪᠠ᠃ ᠡᠨᠡ ᠵᠢᠯ ᠪᠦᠬᠦ ᠠᠶ᠋ᠢᠮᠠᠭ᠎ᠤᠨ ᠵᠠᠳᠠᠭ᠋ᠠᠶ ᠠᠭᠤᠷᠬᠠᠶ ᠵᠢᠨ ᠠᠵᠤ ᠠᠬᠤᠶ᠋ᠢᠯᠠᠯ᠎ᠨᠢ 12.3 ᠳ᠋ᠦᠩᠰᠢᠭᠤᠷ ᠲᠥᠭᠦᠷᠢᠭ᠎ᠤᠨ ᠵᠠᠰᠠᠯᠲᠠ ᠵᠢᠨ ᠰᠠᠭᠤᠷᠢ ᠮᠥᠩᠭᠦ ᠲᠤᠰᠢᠶᠠᠨ ᠬᠠᠳᠠᠭ᠋ᠠᠯᠠᠭᠤᠯᠵᠤ᠂ ᠵᠠᠰᠠᠯᠲᠠ᠎ᠳᠤ 9.4 ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠣᠷᠤᠭᠤᠯᠪᠠ᠃᠂ 56 ᠲᠡᠭᠰᠢ ᠳᠥᠷᠪᠡᠯᠵᠢᠨ ᠺᠢᠯᠣᠮᠧᠳ᠋ᠷ ᠲᠠᠯᠠᠪᠠᠶ ᠭᠠᠵᠠᠷ᠎ᠢ ᠵᠠᠰᠠᠨ᠂ ᠡᠮᠦᠨ᠎ᠡ ᠲᠠᠪᠤᠨ ᠵᠢᠯ᠎ᠳᠤ ᠵᠠᠰᠠᠭᠰᠠᠨ ᠶᠡᠷᠦᠩᠬᠡᠶ ᠬᠡᠮᠵᠢᠶ᠎ᠡ ᠵᠢᠨ 54% ᠪᠠ 46% ᠵᠢ ᠡᠵᠡᠯᠡᠪᠡ᠃ ᠰᠢᠯᠢ ᠵᠢᠨ ᠭᠤᠣᠯ ᠠᠶ᠋ᠢᠮᠠᠭ᠎ᠨᠢ ᠪᠣᠬᠢᠷᠲᠤᠯ ᠦᠭᠡᠢ ᠠᠭᠤᠷᠬᠠᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠪᠠᠨ ᠲᠦᠷᠭᠡᠳᠬᠡᠨ᠂ 2016 ᠣᠨ᠎ᠠᠴᠠ ᠨᠠᠰᠢ ᠪᠦᠬᠦ ᠠᠶ᠋ᠢᠮᠠᠭ᠎ᠤᠨ ᠠᠭᠤᠷᠬᠠᠶ ᠵᠢᠨ ᠣᠷᠣᠨ᠎ᠤ ᠭᠧᠣᠯᠣᠭᠢ ᠵᠢᠨ ᠣᠷᠴᠢᠨ ᠲᠣᠭᠤᠷᠢᠨ᠎ᠤ ᠵᠠᠰᠠᠯᠲᠠ᠎ᠨᠢ 175.7 ᠲᠡᠭᠰᠢ ᠳᠥᠷᠪᠡᠯᠵᠢᠨ ᠺᠢᠯᠤᠮᠸᠲᠷ ᠲᠠᠯᠠᠪᠠᠢ ᠭᠠᠵᠠᠷ᠎ᠢ ᠵᠠᠰᠠᠨ ᠰᠡᠷᠭᠦᠭᠡᠵᠦ᠂ 《12 ᠳ᠋ᠤᠭ᠋ᠠᠷ 5 ᠵᠢᠯ》᠎ᠤᠨ ᠰᠡᠭᠦᠯᠴᠢ᠎ᠲᠠᠢ ᠬᠠᠷᠢᠴᠠᠭᠤᠯᠪᠠᠯ 81%᠎ᠪᠠᠷ ᠳᠡᠭᠡᠭᠰᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠬᠢᠷᠲᠤᠯ ᠦᠭᠡᠢ ᠠᠭᠤᠷᠬᠠᠢ 24 ᠵᠢ ᠪᠠᠶ᠋ᠢᠭᠤᠯᠵᠤ᠂ ᠠᠭᠤᠷᠬᠠᠢ ᠵᠢᠨ ᠨᠣᠭᠤᠭ᠋ᠠᠷᠠᠭᠤᠯᠤᠯᠲᠠ ᠵᠢᠨ ᠲᠠᠯᠠᠪᠠᠢ᠎ᠨᠢ 60%᠎ᠳᠤ ᠬᠦᠷᠴᠦ᠂ ᠵᠢᠯ᠎ᠤᠨ ᠰᠡᠭᠦᠯᠴᠢ᠎ᠠᠴᠠ ᠡᠮᠦᠨ᠎ᠡ ᠠᠭᠤᠷᠬᠠᠢ ᠵᠢᠨ ᠨᠣᠭᠤᠭ᠋ᠠᠷᠠᠭᠤᠯᠵᠤ ᠪᠣᠯᠬᠤ ᠣᠷᠣᠨ᠎ᠤ ᠪᠦᠷᠬᠦᠴᠡ ᠵᠢᠨ ᠨᠣᠷᠮ᠎ᠠ᠎ᠨᠢ 80%᠎ᠠᠴᠠ ᠳᠡᠭᠡᠭᠰᠢ ᠪᠠᠶ᠋ᠢᠵᠤ᠂ ᠠᠭᠤᠷᠬᠠᠢ ᠵᠢᠨ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠬᠤ ᠪᠠᠶ᠋ᠢᠳᠠᠯ᠎ᠲᠠᠢ ᠪᠣᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠨᠤᠳᠤᠭ ᠪᠡᠯᠴᠢᠬᠡᠷ᠎ᠢ ᠲᠠᠭ᠋ᠠᠳᠬᠠᠯ᠎ᠳᠤ ᠤᠷᠤᠭᠤᠯᠤᠬᠰᠠᠨ ᠪᠦᠬᠦ ᠤᠯᠤᠰ᠎ᠤᠨ ᠠᠩᠬᠠᠳᠠᠭᠴᠢ ᠵᠢᠱ᠌ᠢᠶ᠎ᠠ — ᠤᠷᠠᠳ ᠨᠤᠳᠤᠭ᠎ᠤᠨ 115.7 ᠲᠦᠮᠡᠨ ᠮᠦ᠍ ᠨᠤᠲᠤᠭ ᠪᠡᠯᠴᠢᠭᠡᠷ ᠲᠠᠭ᠋ᠠᠳᠬᠠᠯ᠎ᠳᠤ ᠤᠷᠤᠪᠠ
ᠤᠯᠠᠭ᠋ᠠᠨᠪᠤᠬ᠎ᠠ ᠵᠢᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠤᠯᠤᠰ᠎ᠤᠨ ᠣᠷᠳᠣ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠲᠠᠪᠤᠨ ᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠎ᠨᠢ ᠲᠤᠰᠬᠠᠶ ᠮᠡᠷᠭᠡᠵᠢᠯᠲᠡᠨ᠎ᠤ ᠨᠤᠲᠠᠯᠠᠯᠳᠠ ᠵᠢ ᠦᠩᠭᠡᠷᠡᠪᠡ
ᠵᠠᠯᠠᠨ ᠠᠶ᠋ᠢᠯ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠴᠠᠭ᠋ᠠᠯᠲᠠ ᠵᠢᠨ ᠠᠵᠢᠯ᠎ᠢ ᠴᠢᠩᠭ᠎ᠠ ᠠᠳᠬᠤᠪᠠ
ᠡᠵᠡᠨ᠎ᠡ ᠬᠤᠰᠢᠭᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ ᠣᠶ ᠰᠢᠭᠤᠶ ᠨᠤᠳᠤᠭ ᠪᠡᠯᠴᠢᠭᠡᠷ᠎ᠤᠨ ᠭᠠᠯ ᠲᠤᠢ᠌ᠮᠠᠷ᠎ᠢ ᠰᠡᠷᠭᠡᠢ᠌ᠯᠡᠬᠦ ᠠᠵᠢᠯᠯᠠᠭ᠎ᠠ ᠶᠠᠪᠤᠭᠳᠠᠭᠤᠯᠪᠠ
ᠠᠪᠠᠭ᠎ᠠ ᠬᠤᠰᠢᠭᠤ — ᠮᠠᠯᠵᠢᠬᠤ ᠤᠷᠤᠨ᠎ᠤ ᠤᠳᠤᠬᠢᠴᠢᠯᠠᠯᠲᠠ ᠵᠢᠨ ᠠᠶᠠᠨ᠎ᠳᠤ ᠰᠢᠭᠤᠷᠬᠠᠢ᠍ᠢ᠍ᠯᠠᠨ᠎ᠠ
 
             蒙ICP备05000248号